︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ | ᠣᠷᠣᠭᠤᠯᠤᠯᠲᠠ ᠶᠢᠨ ᠬᠠᠤᠯᠢ︾ ᠪᠠ ︽ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠮᠡᠳᠡᠭᠡ | ᠵᠠᠩᠭᠢ ᠶᠢ ᠮᠡᠳᠡᠭᠦᠯᠬᠦ ᠠᠷᠭ᠎ᠠ︾ ᠶᠢ ᠦᠨᠳᠦᠰᠦᠯᠡᠪᠡᠯ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ | ᠣᠷᠣᠭᠤᠯᠤᠭᠰᠠᠨ ᠠᠵᠤ ᠠᠬᠤᠶᠢᠯᠠᠯ ᠵᠢᠯ ᠪᠦᠷᠢ ᠶᠢᠨ 1 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 30 ᠤ | ᠡᠳᠦᠷ ᠪᠣᠯᠲᠠᠯ᠎ᠠ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ | ᠰᠢᠰᠲ᠋ᠧᠮ ᠢᠶᠠᠷ ᠳᠠᠮᠵᠢᠭᠤᠯᠤᠨ ᠳᠡᠭᠡᠷ᠎ᠡ ᠨᠢᠭᠡ ᠵᠢᠯ ᠤᠨ ᠣᠨ ᠤ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠶ᠃ | ᠲᠤᠬᠠᠶ ᠶᠢᠨ ᠵᠢᠯ ᠳᠤ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠨᠢ ᠳᠠᠷᠠᠭ᠎ᠠ ᠵᠢᠯ ᠠᠴᠠ ᠡᠬᠢᠯᠡᠨ ᠣᠨ ᠤ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ | ᠱᠠᠭᠠᠷᠳᠠᠯᠭ᠎ᠠ ᠶᠣᠰᠣᠭᠠᠷ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠭᠰᠡᠨ ᠥᠭᠡᠢ | ᠮᠥᠷᠲᠡᠭᠡᠨ ᠮᠡᠳᠡᠭᠳᠡᠭᠰᠡᠨ ᠪᠠᠶᠢᠲᠠᠯ᠎ᠠ ᠨᠥᠬᠦᠵᠦ ᠮᠡᠳᠡᠭᠦᠯᠦᠭᠰᠡᠨ ᠥᠭᠡᠢ ᠪᠤᠶᠤ ᠵᠠᠯᠠᠷᠠᠭᠤᠯᠤᠭᠰᠠᠨ ᠥᠭᠡᠢ ᠪᠣᠯ | ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠭᠦᠨ ᠢ ᠵᠠᠷᠯᠢᠭᠳᠠᠵᠤ | ᠪᠠᠶᠢᠭᠠᠳ 20 ᠠᠵᠢᠯᠯᠠᠬᠤ ᠡᠳᠦᠷ ᠤᠨ ᠳᠣᠲᠣᠷ᠎ᠠ ᠵᠠᠯᠠᠷᠠᠭᠤᠯᠵᠤ ᠪᠣᠯᠤᠨ᠎ᠠ᠂ ᠬᠤᠭᠤᠴᠠᠭ᠎ᠠ ᠬᠡᠲᠦᠷᠡᠲᠡᠯ᠎ᠡ | ᠵᠠᠯᠠᠷᠠᠭᠤᠯᠤᠭᠰᠠᠨ ᠥᠭᠡᠢ ᠪᠣᠯ ᠥᠢᠯᠡ ᠪᠠᠶᠢᠳᠠᠯ ᠤᠨ ᠬᠦᠨᠳᠦ ᠬᠥᠡᠭᠭᠡᠨ ᠢ ᠨᠢ ᠦᠵᠡᠵᠦ ᠪᠠᠶᠢᠭᠠᠳ ᠠᠷᠪᠠᠨ ᠲᠦᠮᠡᠨ | ᠲᠥᠭᠦᠷᠢᠭ ᠠᠴᠠ ᠲᠠᠪᠢᠨ ᠲᠦᠮᠡᠨ ᠲᠥᠭᠦᠷᠢᠭ ᠤᠨ ᠰᠢᠳᠬᠡᠯ ᠥᠭᠭᠦᠨ᠎ᠡ᠃ | 2021 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠳᠤᠮᠳᠠᠳᠤ ᠤᠯᠤᠰ ᠤᠨ ᠬᠢᠯᠢ ᠶᠢᠨ | ᠳᠣᠲᠣᠷ᠎ᠠ ᠪᠠᠯᠠ ᠣᠷᠣᠭᠤᠯᠵᠤ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ | ᠠᠬᠤᠶᠢᠯᠠᠯ ᠴᠥᠮ ᠲᠣᠭᠲᠠᠭᠰᠠᠨ ᠴᠠᠭ ᠤᠨ ᠳᠣᠲᠣᠷ᠎ᠠ ᠣᠨ ᠤ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠶ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠮᠡᠳᠡᠭᠦᠯᠦᠨ ᠬᠦᠷᠭᠡᠬᠦ | ᠰᠦᠯᠵᠢᠶᠡᠨ ᠤ ᠬᠠᠶ᠋ᠢᠭ᠄ http://amr.bjxldf.com:58888/aiceps/liaisonsLogin. | html | ᠭᠠᠳᠠᠭᠠᠳᠤ ᠪᠡᠯᠡ ᠶᠢᠨ ᠠᠵᠤ ᠠᠬᠤᠶᠢᠯᠠᠯ ᠨᠢ ᠬᠤᠶᠠᠷ ᠬᠡᠮᠵᠢᠯᠳᠦ ᠲᠡᠮᠳᠡᠭ ᠢ ᠰᠢᠷᠪᠢᠵᠦ ᠣᠨ ᠤ ᠮᠡᠳᠡᠭᠡ | ᠵᠠᠩᠭᠢ ᠶᠢᠨ ᠮᠡᠳᠡᠭᠦᠯᠦᠯᠲᠡ ᠶᠢ ᠮᠡᠳᠡᠭᠦᠯᠬᠦ ᠵᠦᠭᠯᠡᠭᠦᠷ ᠢ ᠦᠵᠡᠵᠦ ᠪᠣᠯᠤᠨ᠎ᠠ᠃ | | |