内蒙古自治区商务厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠥᠪᠡᠷᠲᠡᠭᠡᠨ ᠵᠠᠰᠠᠬᠤ ᠣᠷᠣᠨ ᠤ ᠲᠠᠰ ᠤᠨ ᠲᠦᠷᠦᠭᠦᠤ ᠪᠦᠯᠦᠭ ᠤᠨ ᠬᠤᠲᠠ ᠵᠢᠨ‌ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠶ  ᠵᠠᠷᠯᠠᠯ
        ᠨᠡᠶᠢᠲᠡᠯᠡᠭᠰᠡᠨ ᠴᠠᠭ᠄
        2022/5/31
             ︽ᠬᠤᠲᠠ ᠶᠢᠨ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 12 ᠰᠠᠯᠠᠭ᠎ᠠ ᠮᠥᠴᠢᠷ ᠤᠨ ᠰᠠᠨᠠᠯ︾ ︵ᠬᠤᠳᠠᠯᠳᠤᠭᠠᠨ ᠤ ᠭᠦᠢᠯᠭᠡᠭᠡᠨ ᠤ ᠵᠠᠬᠢᠳᠠᠯ ︹ 2021 ︺ 176 ᠳ᠋ᠤᠭᠠᠷ ᠲᠣᠭᠠᠲᠤ︶᠂ ︽ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠵᠡᠷᠭᠡ 11 ᠰᠠᠯᠠᠭ᠎ᠠ ᠮᠥᠴᠢᠷ ᠤᠨ ︿ᠬᠤᠲᠠ ᠶᠢᠨ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠵᠦᠭᠯᠡᠭᠦᠷ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠬᠤᠳᠠᠯᠳᠤᠭᠠᠨ ᠤ ᠶᠠᠪᠤᠳᠠᠯ ᠤᠨ ᠠᠯᠪᠠᠨ ᠬᠡᠷ ᠤᠨ ᠭᠦᠢᠯᠭᠡᠭᠡᠨ ᠤ ᠵᠠᠬᠢᠳᠠᠯ ︹ 2021 ︺ 247 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠰᠠᠶᠢᠨ ᠳᠤᠷ᠎ᠠ ᠠᠴᠠ ᠪᠠᠨ ᠮᠡᠳᠡᠭᠦᠯᠦᠭᠰᠡᠨ ᠰᠠᠭᠤᠷᠢᠨ ᠳᠡᠭᠡᠷ᠎ᠡ᠂ ︽ᠡᠷᠬᠡ ᠲᠡᠭᠰᠢ᠂ ᠢᠯᠡ ᠲᠣᠳᠣ᠂ ᠲᠥᠪ ᠭᠤᠤᠯᠴᠢ︾ ᠪᠠᠶᠢᠬᠤ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠪᠠᠶᠢᠭᠠᠳ ᠣᠷᠣᠨ ᠨᠤᠲᠤᠭ ᠤᠨ ᠮᠡᠳᠡᠭᠦᠯᠦᠭᠰᠡᠨ ᠮᠠᠲ᠋ᠧᠷᠢᠶᠠᠯ ᠳᠤ ᠬᠢᠨᠠᠨ ᠲᠣᠭᠲᠠᠭᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠦᠷᠦᠭᠦᠤ ᠪᠦᠯᠦᠭ ᠤᠨ ᠬᠤᠲᠠ ᠶᠢᠨ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠭᠠᠵᠠᠷ ᠣᠷᠣᠨ ᠢ 5 ᠲᠣᠭᠲᠠᠭᠠᠨ᠎ᠠ᠂ ᠡᠳᠦᠭᠡ ᠨᠡᠷᠡᠰ ᠢ ᠢᠯᠡ ᠨᠡᠶᠢᠲᠡᠯᠡᠶ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 2022 ᠣᠨ ᠤ 5 ᠳ᠋ᠤᠭᠠᠷ ᠰᠠᠷ᠎ᠠ ᠶᠢᠨ 30 ᠤ ᠡᠳᠦᠷ ᠠᠴᠠ 6 ᠳ᠋ᠤᠭᠠᠷ ᠰᠠᠷ᠎ᠠ ᠶᠢᠨ 3 ᠤ ᠡᠳᠦᠷ ᠪᠣᠯᠤᠨ᠎ᠠ᠃ ᠬᠡᠷᠪᠡ ᠢᠯᠡ ᠨᠡᠶᠢᠲᠡᠯᠡᠬᠦ ᠨᠡᠷᠡᠰ ᠲᠤ ᠣᠨᠳᠣᠣ ᠰᠠᠨᠠᠯ ᠲᠠᠢ ᠪᠣᠯ᠂ ᠢᠯᠡ ᠨᠡᠶᠢᠲᠡᠯᠡᠬᠦ ᠬᠤᠭᠤᠴᠠᠭᠠᠨ ᠳᠤ ᠪᠢᠴᠢᠭᠯᠡᠭᠰᠡᠨ ᠰᠠᠨᠠᠯ ᠢᠶᠠᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠭᠠᠵᠠᠷ ᠲᠤ ᠬᠠᠷᠢᠭᠤ ᠲᠤᠰᠬᠠᠬᠤ ᠪᠣᠯᠪᠠᠤ᠂ ᠬᠠᠷᠢᠯᠴᠠᠬᠤ ᠤᠲᠠᠰᠤ᠄ 0471-6946508᠃ 1. ᠦᠬᠠᠶ ᠬᠤᠲᠠ 2. ᠣᠷᠳᠣᠰ ᠬᠤᠲᠠ 3. ᠬᠥᠬᠡᠬᠤᠲᠠ 4. ᠬᠢᠩᠭᠠᠨ ᠠᠶᠢᠮᠠᠭ 5. ᠪᠤᠭᠤᠲᠤ ᠬᠤᠲᠠ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ   ᠤ ᠬᠤᠳᠠᠯᠳᠣᠭᠠᠨ ᠤ ᠶᠠᠪᠣᠳᠠᠯ ᠤᠨ ᠲᠢᠩᠬᠢᠮ                                2022 ᠣᠨ ᠤ 5 ᠰᠠᠷ᠎ᠠ ᠶᠢᠨ 30
         
        ᠢᠷᠡᠯᠲᠡ᠄ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠭᠠᠵᠠᠷ
         
        2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号