ᠣᠶᠢᠷ᠎ᠠ ᠳᠤ᠂ ᠮᠠᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ | ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠦᠢᠯᠡᠰ ᠤᠨ 2022 ᠣᠨ ᠤ ᠠᠵᠢᠯᠯᠠᠭᠠᠨ ᠤ ᠲᠥᠰᠦᠯ︾ ︵ᠳᠣᠷᠣᠭᠰᠢ | ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ | ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ︽ᠲᠥᠰᠦᠯ︾ ᠤᠨ ᠬᠤᠯᠪᠣᠭᠳᠠᠯ ᠪᠥᠬᠦᠶ ᠠᠰᠠᠭᠤᠳᠠᠯ ᠤᠨ | ᠲᠤᠬᠠᠶ ᠲᠠᠶᠢᠯᠤᠮᠵᠢ ᠬᠢᠪᠠ᠃ | ᠨᠢᠭᠡ᠂ ︽ᠲᠥᠰᠦᠯ︾ ᠢ ᠨᠡᠶᠢᠲᠡᠯᠡᠭᠰᠡᠨ ᠠᠬᠤᠶ ᠪᠠᠶᠢᠳᠠᠯ᠃ ᠠᠷᠠᠳ ᠤᠨ ᠠᠮᠢᠳᠤᠷᠠᠯ ᠳᠤ ᠦᠢᠯᠡᠴᠢᠯᠡᠬᠦ ᠶᠠᠰᠤ | ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠨᠠᠩ ᠰᠠᠶᠢᠲᠤᠷ ᠬᠠᠩᠭᠠᠬᠤ ᠪᠣᠯ ︽ᠲᠥᠰᠦᠯ︾ ᠢ ᠨᠡᠶᠢᠲᠡᠯᠡᠭᠰᠡᠨ ᠬᠠᠮᠤᠭ ᠤᠨ ᠶᠡᠭᠡ ᠠᠬᠤᠶ ᠪᠠᠶᠢᠳᠠᠯ ᠪᠣᠯᠤᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠤᠯᠴᠠᠬᠤ ᠪᠠ ᠦᠢᠯᠡᠴᠢᠯᠡᠬᠦ ᠪᠠᠷ ᠵᠢᠯᠣᠭᠤᠳᠤᠮᠵᠢ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠣᠲᠣ ᠦᠶ᠎ᠡ ᠶᠢᠨ ᠠᠷᠠᠯᠵᠢᠶ᠎ᠠ | ᠬᠤᠳᠠᠯᠳᠤᠭᠠᠨ ᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠤᠲᠠ ᠶᠢᠨ ᠠᠷᠠᠯᠵᠢᠶ᠎ᠠ ᠬᠤᠳᠠᠯᠳᠤᠭᠠᠨ ᠤ | ᠭᠦᠢᠯᠭᠡᠭᠡᠨ ᠤ ᠵᠠᠩᠭᠢᠯᠠᠭ᠎ᠠ ᠶᠢᠨ ᠭᠤᠭᠴᠤᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠢᠶᠠᠨ ᠤ ᠬᠡᠪᠴᠢᠶᠡᠨ ᠤ | ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠲᠤᠤᠷ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯᠧᠺᠲᠷᠣᠨ | ᠬᠤᠳᠠᠯᠳᠤᠭᠠᠨ ᠤ ᠲᠠᠪᠴᠠᠩ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠬᠢᠵᠢᠭ ᠤᠨ ᠪᠠᠶᠢᠳᠠᠯ ᠠᠴᠠ ᠪᠣᠯᠤᠭᠰᠠᠨ | ᠨᠠᠵᠠᠭᠠᠶ ᠨᠥᠯᠥᠭᠡ ᠶᠢ ᠲᠣᠬᠢᠲᠠᠶ ᠠᠷᠭᠠᠴᠠᠭᠠᠵᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ | ᠠᠷᠠᠳ ᠤᠨ ᠠᠮᠢᠳᠤᠷᠠᠯ ᠢ ᠪᠠᠲᠤᠯᠠᠬᠤ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠲᠠᠯ᠎ᠠ ᠪᠠᠷ ᠶᠠᠰᠤ ᠴᠢᠨᠠᠷ ᠢᠶᠠᠨ | ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠴᠢᠷᠮᠠᠶᠢᠨ ᠠᠬᠢᠭᠤᠯᠪᠠ᠃ 2021 ᠣᠨ ᠳᠤ᠂ | ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ 3 ᠵᠤᠷᠪᠤᠰ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠪᠠᠭᠠᠨ | ᠵᠡᠭᠡᠯᠢ ᠢ ᠪᠠᠶᠢᠭᠤᠯᠵᠤ᠂ 16 ᠬᠠᠭᠤᠴᠢᠨ ᠨᠠᠷᠠᠲᠤ ᠠᠵᠤ ᠠᠬᠤᠶᠢᠯᠠᠯ ᠢ ᠮᠠᠭᠠᠳᠯᠠᠨ ᠲᠣᠭᠲᠠᠭᠠᠵᠤ᠂ 12 ᠪᠣᠬᠢᠷᠲᠤᠯ | ᠥᠬᠡᠶ ᠬᠤᠳᠠᠯᠳᠤᠭᠠᠨ ᠤ ᠲᠠᠯᠠᠪᠤᠷ ᠢ ᠪᠠᠶᠢᠭᠤᠯᠵᠤ᠂ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠵᠢᠱᠢᠶ᠎ᠡ | ᠦᠵᠡᠭᠦᠯᠬᠦ ᠰᠠᠭᠤᠷᠢᠨ ᠭᠠᠵᠠᠷ 5 ᠶᠢ ᠪᠤᠶᠢᠵᠢᠭᠤᠯᠵᠤ᠂ ᠠᠵᠤ ᠠᠬᠤᠶᠢᠯᠠᠯ ᠠᠷᠠᠯᠵᠢᠶ᠎ᠠ ᠬᠤᠳᠠᠯᠳᠤᠭᠠᠨ ᠤ ᠡᠯ᠎ᠡ | ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 5585 ᠲᠠᠯᠠᠪᠤᠷ ᠵᠣᠬᠢᠶᠠᠨ ᠪᠠᠶᠢᠭᠤᠯᠵᠤ ᠥᠷᠨᠢᠭᠦᠯᠪᠡ᠃ | ᠵᠢᠯ ᠤᠨ ᠡᠴᠦᠰ ᠲᠤ ᠪᠥᠬᠦ ᠣᠷᠣᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 5056.3 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠵᠦ᠂ ᠮᠠᠨ ᠤ | ᠣᠷᠣᠨ ᠤ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠲᠣᠭᠲᠠᠭᠤᠨ ᠤ ᠳᠤᠮᠳᠠ ᠰᠠᠶᠢᠵᠢᠷᠠᠬᠤ ᠶᠢ | ᠦᠨᠡᠨ ᠬᠦ ᠪᠠᠲᠤᠯᠠᠪᠠ᠃ ︽ᠲᠥᠰᠦᠯ︾ ᠤᠨ ᠨᠡᠶᠢᠲᠡᠯᠡᠭᠳᠡᠭᠰᠡᠨ ᠨᠢ ᠮᠠᠨ ᠤ ᠣᠷᠣᠨ ᠤ ᠠᠷᠠᠯᠵᠢᠶ᠎ᠠ ᠬᠤᠳᠠᠯᠳᠤᠭᠠᠨ ᠤ | ᠦᠢᠯᠡᠴᠢᠯᠡᠭᠡᠨ ᠤ ᠦᠢᠯᠡᠰ ᠤᠨ ᠠᠷᠠᠳ ᠤᠨ ᠠᠮᠢᠳᠤᠷᠠᠯ ᠢ ᠪᠠᠲᠤᠯᠠᠬᠤ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ | ᠲᠠᠯ᠎ᠠ ᠪᠠᠷ ᠬᠠᠷᠠᠯᠲᠠ ᠪᠠ ᠪᠡᠶᠡᠯᠡᠭᠦᠯᠬᠦ ᠠᠷᠭ᠎ᠠ ᠵᠠᠮ ᠢ ᠲᠣᠳᠣᠷᠬᠠᠶ ᠲᠣᠭᠲᠠᠭᠠᠵᠤ ᠦᠭᠪᠡ᠃ ᠡᠭᠦᠨ ᠤ ᠬᠠᠮᠲᠤ᠂ ︽ | ᠲᠥᠰᠦᠯ︾ ᠤᠨ ᠨᠡᠶᠢᠲᠡᠯᠡᠭᠳᠡᠭᠰᠡᠨ ᠨᠢ ᠪᠠᠰᠠ ᠴᠤ ᠮᠠᠨ ᠤ ᠣᠷᠣᠨ ᠤ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ | ᠬᠡᠷᠡᠭᠴᠡᠭᠡ ᠪᠣᠯᠤᠨ᠎ᠠ᠃ ᠪᠦᠬᠦ ᠤᠯᠤᠰ ᠤᠨ ᠬᠡᠪᠴᠢᠶᠡᠨ ᠳᠤ ᠲᠡᠷᠢᠭᠦᠨ ᠤ ᠬᠢ ᠪᠠᠷ ᠪᠠᠷᠢᠮᠵᠢᠶᠠᠯᠠᠪᠠᠯ᠂ ᠮᠠᠨ ᠤ ᠣᠷᠣᠨ ᠤ | ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠲᠦᠪᠰᠢᠨ | ᠪᠦᠬᠦ ᠤᠯᠤᠰ ᠤᠨ ᠳᠠᠪᠬᠤᠷᠭ᠎ᠠ ᠳᠤ ᠬᠠᠷᠢᠴᠠᠩᠭᠤᠢ ᠬᠤᠴᠣᠷᠤᠩᠭᠤᠢ ᠪᠠᠶᠢᠨ᠎ᠠ᠃ ᠭᠤᠣᠯᠳᠠᠭᠤ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠬᠡᠪᠴᠢᠶ᠎ᠡ ᠪᠣᠯᠤᠨ ᠡᠵᠡᠩᠨᠡᠯᠲᠡ ᠶᠢᠨ ᠬᠢᠷᠢ ᠬᠡᠮᠵᠢᠶ᠎ᠡ ᠶᠢᠨ ᠲᠠᠯ᠎ᠠ ᠪᠠᠷ ᠬᠢ ᠪᠤᠶᠢᠵᠢᠯᠲᠠ | ᠬᠦᠷᠦᠯᠴᠡᠬᠦ ᠦᠭᠡᠶ᠂ ᠠᠶᠢᠮᠠᠭ ᠬᠤᠲᠠ ᠬᠤᠰᠢᠭᠤ ᠰᠢᠶᠠᠨ ᠤ ᠬᠤᠭᠤᠷᠣᠨᠳᠣᠬᠢ ᠬᠥᠭᠵᠢᠯᠲᠡ ᠲᠡᠩᠴᠡᠭᠦᠷᠢ ᠦᠭᠡᠶ᠂ | ᠬᠥᠭᠵᠢᠯᠲᠡ ᠶᠢᠨ ᠳᠠᠯᠳᠠ ᠬᠦᠴᠦᠨ ᠢ ᠠᠭᠤᠳᠠᠯᠬᠤ ᠪᠠᠷ ᠭᠦᠢᠴᠡᠳ ᠦᠭᠡᠶ᠂ ᠶᠡᠷᠦᠩᠬᠡᠶ ᠴᠣᠭᠴᠠ ᠶᠢᠨ | ᠬᠥᠭᠵᠢᠯᠲᠡ ᠨᠢ ᠨᠡᠯᠢᠶᠡᠳ ᠶᠡᠭᠡ ᠥᠷᠢᠰᠥᠯᠳᠦᠭᠡᠨ ᠳᠤ ᠲᠤᠯᠭᠠᠷᠠᠵᠤ ᠪᠠᠶᠢᠬᠤ ᠳᠡᠭᠡᠷ᠎ᠡ ᠢᠯᠡᠷᠡᠵᠦ ᠪᠤᠶ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠪᠠᠶᠢᠳᠠᠯ ᠢ ᠨᠡᠭᠡᠭᠡᠨ | ᠡᠭᠦᠳᠬᠦ ᠳᠤ᠂ ᠪᠢᠳᠡᠨ ᠤ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠴᠢᠭᠯᠡᠯ ᠢᠶᠠᠨ | ᠲᠣᠳᠣᠷᠬᠠᠶᠢᠯᠠᠵᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠨᠠᠩ ᠥᠨᠳᠥᠷ ᠲᠦᠪᠰᠢᠨ ᠠᠴᠠ ᠮᠠᠨ ᠤ | ᠣᠷᠣᠨ ᠤ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠪᠥᠬᠦ | ᠲᠠᠯ᠎ᠠ ᠪᠠᠷ ᠠᠬᠢᠭᠤᠯᠬᠤ ᠶᠢ ᠲᠤᠯᠭᠠᠮ᠎ᠠ ᠱᠠᠭᠠᠷᠳᠠᠵᠤ ᠪᠠᠶᠢᠨ᠎ᠠ᠃ | ᠬᠤᠶᠠᠷ᠂ ︽ᠲᠥᠰᠦᠯ︾ ᠤᠨ ᠶᠡᠷᠦᠩᠬᠡᠶ ᠰᠡᠳᠬᠢᠮᠵᠢ ᠪᠠ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ︽ | ᠲᠥᠰᠦᠯ︾ ᠢ ᠲᠣᠭᠲᠠᠭᠠᠬᠤ ᠳᠤᠮᠳᠠ ᠪᠢᠳᠡ ︽ᠨᠠᠶᠢᠳᠠᠪᠤᠷᠢᠵᠢᠭᠤᠯᠬᠤ᠂ ᠦᠨᠡᠨ ᠢ ᠪᠠᠷᠢᠮᠲᠠᠯᠠᠬᠤ᠂ ᠪᠣᠳᠠᠲᠠᠶ ᠶᠢ | ᠡᠷᠬᠢᠮᠯᠡᠬᠦ᠂ ᠪᠣᠳᠠᠲᠤ ᠦᠷ᠎ᠡ ᠪᠦᠲᠦᠮᠵᠢ ᠤᠯᠬᠤ︾ ᠶᠢ ᠳᠣᠪᠤᠶᠢᠯᠭᠠᠨ ᠢᠯᠡᠷᠡᠭᠦᠯᠬᠦ ᠪᠠᠷ ᠴᠢᠷᠮᠠᠶᠢᠨ᠎ᠠ᠃ | ᠨᠠᠶᠢᠳᠠᠪᠤᠷᠢᠵᠢᠭᠤᠯᠬᠤ ᠪᠣᠯ ᠳᠠᠷᠤᠶ ᠤᠯᠤᠰ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠴᠢᠬᠤᠯᠠ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ︽ᠲᠥᠰᠦᠯ︾ ᠳᠤ ᠠᠭᠤᠰᠤᠯᠴᠠᠭᠤᠯᠤᠨ ᠨᠠᠶᠢᠳᠠᠪᠤᠷᠢᠵᠢᠭᠤᠯᠬᠤ | ᠶᠠᠪᠤᠳᠠᠯ ᠪᠣᠯᠤᠨ᠎ᠠ᠃ ᠦᠨᠡᠨ ᠢ ᠪᠠᠷᠢᠮᠲᠠᠯᠠᠬᠤ ᠪᠣᠯ ᠳᠠᠷᠤᠶ ᠬᠤᠳᠠᠯᠳᠤᠭ᠎ᠠ ᠠᠷᠠᠯᠵᠢᠶᠠᠨ ᠤ ᠬᠥᠭᠵᠢᠯᠲᠡ ᠶᠢᠨ | ᠪᠤᠰᠤᠳᠴᠢ ᠵᠢᠮ᠎ᠡ ᠶᠣᠰᠣ ᠶᠢ ᠵᠢᠷᠤᠮᠯᠠᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠶᠢᠨ | ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠲᠥᠰᠦᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠮᠠᠨ ᠤ | ᠣᠷᠣᠨ ᠤ ᠬᠤᠳᠠᠯᠳᠤᠭᠠᠨ ᠤ ᠬᠥᠭᠵᠢᠯᠲᠡ ᠶᠢᠨ ᠣᠳᠣᠬᠢ ᠪᠠᠶᠢᠳᠠᠯ ᠯᠤᠭ᠎ᠠ ᠨᠢᠭᠲᠠ ᠤᠶᠠᠯᠳᠤᠭᠤᠯᠬᠤ ᠶᠢ ᠪᠠᠷᠢᠮᠲᠠᠯᠠᠬᠤ | ᠶᠠᠪᠤᠳᠠᠯ ᠪᠣᠯᠤᠨ᠎ᠠ᠃ ᠬᠤᠲᠠ ᠬᠥᠳᠡᠭᠡ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ | ᠠᠭᠤᠰᠤᠯᠴᠠᠨ ᠬᠥᠭᠵᠢᠬᠦ ᠶᠢ ᠴᠢᠩᠭᠠᠳᠬᠠᠵᠤ᠂ ᠬᠤᠲᠠ ᠬᠥᠳᠡᠭᠡ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ | ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠶᠢᠨ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠶᠢᠨ ᠬᠥᠭᠵᠢᠯᠲᠡ ᠳᠤ ᠲᠤᠯᠭᠠᠭᠤᠷᠢᠯᠠᠬᠤ ᠦᠢᠯᠡᠳᠦᠯ ᠢ ᠥᠷᠭᠡᠳᠬᠡᠨ᠎ᠡ᠃ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠲᠤᠳᠠᠭᠳᠠᠯ ᠢ ᠨᠥᠬᠦᠪᠥᠷᠢᠯᠡᠵᠦ᠂ ᠠᠷᠠᠯᠵᠢᠶ᠎ᠠ ᠬᠤᠳᠠᠯᠳᠤᠭᠠᠨ ᠤ | ᠪᠠᠷᠠᠭᠠᠨ ᠤ ᠭᠦᠢᠯᠭᠡᠭᠡ᠂ ᠠᠵᠢᠯ ᠲᠥᠷᠥᠯ ᠤᠨ ᠪᠠᠷᠢᠮᠵᠢᠶ᠎ᠠ᠂ ᠣᠲᠣ ᠦᠶ᠎ᠡ ᠶᠢᠨ ᠬᠤᠷᠠᠯ ᠦᠵᠡᠰᠬᠦᠯᠡᠩ ᠵᠡᠷᠭᠡ | ᠬᠦᠷᠢᠶᠡᠨ ᠳᠤ ᠬᠠᠨᠳᠤᠯᠭᠠᠲᠤ ᠴᠢᠨᠠᠷᠲᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠨ᠎ᠡ᠃ ᠪᠣᠳᠠᠲᠠᠢ ᠶᠢ | ᠡᠷᠬᠢᠮᠯᠡᠬᠦ ᠭᠡᠳᠡᠭ ᠨᠢ ᠳᠠᠷᠤᠢ ᠲᠥᠰᠦᠯ ᠨᠡᠶᠢᠲᠡᠯᠡᠬᠦ ᠶᠢ ᠡᠳ᠋ ᠤᠨ ᠵᠠᠰᠠᠭ ᠤᠨ ᠪᠡᠯᠡ ᠮᠥᠩᠭᠦ ᠶᠢᠨ ᠪᠠᠲᠤᠯᠠᠭ᠎ᠠ ᠲᠠᠢ | ᠨᠢᠭᠲᠠ ᠤᠶᠠᠯᠳᠤᠭᠤᠯᠵᠤ᠂ ᠠᠵᠤ ᠠᠬᠤᠶᠢᠯᠠᠯ ᠪᠣᠯᠤᠨ ᠨᠡᠶᠢᠭᠡᠮ ᠳᠤ ᠪᠡᠯᠡ ᠮᠥᠩᠭᠦ ᠶᠢᠨ ᠳᠡᠮᠵᠢᠯᠭᠡ ᠦᠵᠡᠭᠦᠯᠬᠦ | ᠴᠢᠭᠯᠡᠯ ᠪᠣᠯᠤᠨ ᠲᠤᠭ᠎ᠠ ᠬᠡᠮᠵᠢᠶ᠎ᠡ ᠬᠦᠷᠢᠶ᠎ᠡ ᠬᠡᠪᠴᠢᠶ᠎ᠡ ᠶᠢ ᠳᠠᠮᠵᠢᠭᠤᠯᠤᠨ ᠮᠡᠳᠡᠭᠦᠯᠵᠦ᠂ ᠲᠥᠰᠦᠯ ᠢ | ᠨᠠᠶᠢᠳᠠᠪᠤᠷᠢᠵᠢᠭᠤᠯᠬᠤ ᠳᠤᠮᠳᠠ ︽ᠢᠯᠡ᠂ ᠲᠥᠪ ᠭᠤᠣᠯᠴᠢ᠂ ᠡᠷᠬᠡ ᠲᠡᠭᠰᠢ᠂ ᠰᠢᠯᠢᠳᠡᠭ ᠢ ᠨᠢ ᠰᠣᠩᠭᠤᠬᠤ︾ | ᠵᠠᠷᠴᠢᠮ ᠢ ᠢᠯᠡᠷᠡᠭᠦᠯᠬᠦ ᠶᠢ ᠬᠡᠯᠡᠵᠦ ᠪᠠᠶᠢᠨ᠎ᠠ᠃ ᠪᠣᠳᠠᠲᠤ ᠦᠷ᠎ᠡ ᠪᠦᠲᠦᠮᠵᠢ ᠭᠡᠳᠡᠭ ᠨᠢ ᠲᠥᠰᠦᠯ ᠤᠨ ᠳᠣᠲᠣᠷ᠎ᠠ | ᠣᠨ ᠤ ᠬᠠᠷᠠᠯᠲᠠ ᠪᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠨᠢᠭᠡᠪᠦᠷᠢ ᠶᠢᠨ ᠨᠠᠶᠢᠳᠠᠪᠤᠷᠢᠵᠢᠭᠤᠯᠬᠤ ᠬᠠᠷᠢᠭᠤᠴᠠᠯᠭᠠᠲᠤ | ᠨᠢᠭᠡᠴᠢ᠂ ᠬᠠᠮᠵᠢᠯᠴᠠᠬᠤ ᠨᠢᠭᠡᠴᠡ ᠶᠢ ᠲᠣᠳᠣᠷᠬᠠᠶᠢᠯᠠᠨ᠂ ᠳᠡᠮᠵᠢᠬᠦ ᠵᠦᠢᠯᠡᠰ᠂ ᠪᠡᠯᠡ ᠮᠥᠩᠭᠦ ᠣᠷᠣᠭᠤᠯᠬᠤ᠂ ᠵᠢᠱᠢᠭᠰᠡᠨ | ᠦᠷ᠎ᠡ ᠪᠦᠲᠦᠮᠵᠢ ᠶᠢ ᠬᠠᠷᠢᠯᠴᠠᠨ ᠵᠣᠯᠭᠠᠯᠳᠤᠭᠤᠯᠬᠤ ᠶᠢ ᠴᠢᠷᠮᠠᠶᠢᠨ ᠢᠯᠡᠷᠡᠭᠦᠯᠵᠦ᠂ ᠵᠢᠱᠢᠭᠰᠡᠨ ᠲᠥᠷᠥ ᠶᠢᠨ | ᠪᠣᠳᠣᠯᠭ᠎ᠠ ᠶᠢᠨ ᠦᠷ᠎ᠡ ᠪᠦᠲᠦᠮᠵᠢ ᠶᠢ ᠪᠡᠶᠡᠯᠡᠭᠦᠯᠬᠦ ᠡᠷᠡᠰ ᠵᠣᠷᠢᠭ ᠢ ᠳᠣᠪᠤᠶᠢᠯᠭᠠᠬᠤ ᠶᠠᠪᠤᠳᠠᠯ ᠪᠣᠯᠤᠨ᠎ᠠ᠃ | ᠭᠤᠷᠪᠠ᠂ ︽ᠲᠥᠰᠦᠯ︾ ᠢ ᠨᠠᠶᠢᠳᠠᠪᠤᠷᠢᠵᠢᠭᠤᠯᠬᠤ ᠠᠷᠭ᠎ᠠ ᠬᠡᠮᠵᠢᠶᠡᠨ ᠤ ᠪᠠᠲᠤᠯᠠᠭ᠎ᠠ | ᠡᠩ ᠲᠡᠷᠢᠭᠦᠨ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠳᠠᠯᠳᠤᠭᠠᠨ ᠤ | ᠶᠠᠪᠤᠳᠠᠯ ᠤᠨ ᠲᠢᠩᠬᠢᠮ ᠨᠢ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠦᠨ | ᠬᠦᠭᠵᠢᠭᠦᠯᠬᠦ ᠭᠤᠤᠯ ᠬᠠᠷᠢᠭᠤᠴᠠᠯᠭ᠎ᠠ ᠭᠤᠤᠯ ᠦᠢᠯᠡᠰ ᠢ ᠨᠠᠶᠢᠳᠠᠪᠤᠷᠢᠵᠢᠭᠤᠯᠤᠨ ᠠᠬᠢᠭᠤᠯᠬᠤ ᠶᠢᠨ ᠬᠠᠮᠲᠤ᠂ ᠡᠳ᠋ ᠤᠨ | ᠵᠠᠰᠠᠭ᠂ ᠮᠥᠩᠭᠦᠨ ᠭᠦᠢᠯᠭᠡᠭᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ | ᠬᠥᠨᠳᠡᠯᠡᠨ ᠢᠶᠠᠷ ᠬᠠᠮᠲᠤᠷᠠᠬᠤ ᠠᠵᠢᠯᠯᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠵᠡᠷᠭᠡ ᠪᠠᠷ ᠠᠳᠬᠤᠨ ᠨᠠᠶᠢᠳᠠᠪᠤᠷᠢᠵᠢᠭᠤᠯᠬᠤ ᠠᠵᠢᠯ ᠤᠨ ᠬᠠᠮᠲᠤᠷᠠᠭᠰᠠᠨ ᠬᠦᠴᠦᠨ ᠢ ᠬᠠᠮᠤᠭ ᠤᠨ | ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠳᠠᠷᠠᠭᠠᠯᠠᠪᠠᠯ ︽ᠲᠥᠰᠦᠯ︾ ᠢ ᠤᠬᠠᠭᠤᠯᠤᠨ ᠲᠠᠶᠢᠯᠪᠤᠷᠢᠯᠠᠬᠤ ᠠᠵᠢᠯ ᠢ | ᠰᠠᠶᠢᠲᠤᠷ ᠬᠢᠨ᠎ᠠ᠃ ᠱᠠᠲᠤ ᠳᠠᠷᠠᠭᠠᠯᠠᠨ ᠤᠯᠠᠮᠵᠢᠯᠠᠬᠤ ᠪᠠᠷ ᠳᠠᠮᠵᠢᠨ᠂ ᠨᠡᠶᠢᠭᠡᠮᠯᠢᠭ ᠲᠤ ᠣᠷᠣᠬᠤ᠂ ᠠᠵᠤ ᠠᠬᠤᠶᠢᠯᠠᠯ ᠤᠨ | ᠤᠬᠠᠭᠤᠯᠭ᠎ᠠ ᠪᠠᠷ ᠭᠤᠣᠯᠳᠠᠯᠭ᠎ᠠ ᠪᠣᠯᠭᠠᠨ ᠠᠵᠢᠯ ᠤᠨ ᠨᠠᠶᠢᠳᠠᠪᠤᠷᠢᠵᠢᠭᠤᠯᠤᠯᠲᠠ ᠳᠤ ᠰᠠᠶᠢᠨ ᠰᠠᠶᠢᠬᠠᠨ ᠶᠠᠷᠢᠶ᠎ᠠ | ᠬᠡᠯᠡᠯᠴᠡᠭᠡᠨ ᠤ ᠣᠷᠴᠢᠨ ᠲᠣᠭᠤᠷᠢᠨ ᠢ ᠡᠭᠦᠳᠴᠦ᠂ ᠨᠡᠶᠢᠭᠡᠮ ᠤᠨ ᠳᠡᠰ ᠳᠠᠪᠬᠤᠷᠭ᠎ᠠ ᠶᠢᠨ ᠬᠢᠨ ᠤ ᠬᠠᠮᠢᠶ᠎ᠠ ᠪᠦᠬᠦᠢ | ᠠᠵᠢᠯ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ ᠡᠴᠦᠰ ᠲᠤ᠂ ᠠᠵᠢᠯ ᠤᠨ ᠳᠤᠮᠳᠠ ᠪᠠᠨ | ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠰᠢᠯᠢᠳᠡᠭ ᠦᠷ᠎ᠡ ᠪᠦᠲᠦᠭᠡᠯ ᠢ ᠵᠢᠷᠤᠮᠯᠠᠨ ᠳᠠᠭᠠᠵᠤ | ᠳᠡᠯᠭᠡᠷᠡᠭᠦᠯᠬᠦ ᠲᠣᠭᠲᠠᠴᠠ ᠶᠢ ᠠᠬᠢᠭᠤᠯᠤᠨ ᠪᠦᠷᠢᠯᠳᠦᠭᠦᠯᠵᠦ᠂ ᠨᠢᠭᠡ ᠪᠦᠯᠦᠭ ᠠᠮᠵᠢᠯᠲᠠ ᠲᠠᠢ ᠲᠤᠷᠰᠢᠯᠭ᠎ᠠ ᠶᠢ ᠴᠠᠭ | ᠲᠤᠬᠠᠶ ᠳᠤ ᠨᠢ ᠳ᠋ᠦᠩᠨᠡᠨ ᠪᠣᠯᠪᠠᠰᠤᠷᠠᠭᠤᠯᠬᠤ ᠶᠢᠨ ᠬᠠᠮᠲᠤ ᠡᠯ᠎ᠡ ᠠᠶᠢᠮᠠᠭ ᠬᠤᠲᠠ ᠳᠤ ᠰᠠᠶᠢᠲᠤᠷ ᠳᠡᠯᠭᠡᠷᠡᠭᠦᠯᠦᠨ᠂ | ᠵᠢᠱᠢᠶ᠎ᠡ ᠦᠵᠡᠭᠦᠯᠬᠦ ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠬᠤᠳᠠᠯᠳᠤᠭᠠᠨ ᠤ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠨ ᠠᠬᠢᠭᠤᠯᠤᠨ᠎ᠠ᠃ | ᠲᠦᠷᠦ ᠶᠢᠨ ᠪᠤᠳᠤᠯᠭ᠎ᠠ ᠶᠢᠨ ᠤᠭ ᠵᠣᠬᠢᠶᠠᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠦᠢᠯᠡᠰ ᠤᠨ 2022 ᠣᠨ ᠤ ᠠᠵᠢᠯᠯᠠᠭᠠᠨ ᠤ | ᠲᠥᠰᠦᠯ︾ ᠤᠨ ᠮᠡᠳᠡᠭᠳᠡᠯ | |