ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ | ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ︾ ᠠᠵᠢᠯ ᠤᠨ ᠱᠠᠭᠠᠷᠳᠠᠯᠭ᠎ᠠ ᠶᠢ ᠭᠦᠨᠵᠡᠭᠡᠶ | ᠲᠣᠭᠤᠰᠢᠯᠠᠭᠤᠯᠵᠤ᠂ ᠬᠡᠷᠡᠭᠯᠡᠭᠡ ᠶᠢᠨ ᠬᠡᠮᠵᠢᠶ᠎ᠡ ᠶᠢ ᠨᠡᠮᠡᠭᠳᠡᠭᠦᠯᠬᠦ ᠶᠢ ᠬᠦᠴᠦᠯᠡᠨ ᠠᠬᠢᠭᠤᠯᠬᠤ ᠶᠢᠨ ᠲᠤᠰᠠᠳᠠ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠤᠯᠤᠰ ᠤᠨ ᠬᠠᠮᠢᠶ᠎ᠠ ᠪᠥᠬᠦᠶ ᠶᠠᠮᠤᠨ | ᠵᠥᠪᠯᠡᠯ ᠤᠨ ᠲᠣᠭᠲᠠᠭᠠᠨ ᠨᠡᠶᠢᠲᠡᠯᠡᠭᠰᠡᠨ ᠬᠡᠷᠡᠭᠯᠡᠭᠡ ᠶᠢ ᠠᠬᠢᠭᠤᠯᠬᠤ ᠠᠯᠢ ᠣᠯᠠᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠲᠠᠢ ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ︽ᠠᠩᠬᠠᠨ ᠤ ᠳᠡᠯᠭᠡᠭᠦᠷ ᠢ ᠶᠡᠬᠡᠪᠡᠷ ᠬᠥᠭᠵᠢᠭᠦᠯᠵᠦ ᠠᠵᠤ ᠠᠬᠤᠶ ᠶᠢ ᠶᠡᠬᠡᠪᠡᠷ | ᠬᠥᠭᠵᠢᠭᠦᠯᠦᠨᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠨᠡᠶᠢᠭᠡᠮ ᠨᠡᠶᠢᠲᠡ ᠶᠢᠨ ᠬᠢᠨ ᠤ ︽ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ︾ ᠶᠢᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠢᠶᠠᠷ | ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠤᠤᠷᠠᠬᠢ ᠮᠡᠲᠦ ᠲᠠᠶᠢᠯᠪᠤᠷᠢᠯᠠᠪᠠ᠃ | ᠨᠢᠭᠡ᠂ ᠲᠤᠭᠤᠷᠪᠢᠭᠰᠠᠨ ᠠᠬᠤᠢ ᠪᠠᠶᠢᠳᠠᠯ | ᠦᠢᠯᠡᠴᠢᠯᠡᠭᠡᠨ ᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ | ᠠᠯᠬᠤᠮ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠲᠥᠷᠥᠯ | ᠲᠡᠮᠳᠡᠭᠲᠦ ᠶᠢ ᠣᠷᠣᠭᠤᠯᠤᠨ ᠠᠪᠴᠢᠷᠠᠬᠤ ᠪᠠ ᠲᠣᠰ ᠭᠠᠵᠠᠷ ᠤᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠢ | ᠲᠦᠷᠭᠡᠳᠬᠡᠨ᠂ ᠠᠩᠬᠠᠨ ᠤ ᠳᠡᠯᠭᠡᠭᠦᠷ ᠤᠨ ᠠᠩᠬ᠎ᠠ ᠲᠠᠷᠬᠠᠭᠠᠭᠰᠠᠨ ᠠᠵᠤ ᠠᠬᠤᠶ ᠶᠢᠨ ᠨᠥᠯᠥᠭᠡᠯᠡᠯ ᠢᠶᠠᠷ ᠰᠢᠨ᠎ᠡ | ᠬᠡᠷᠡᠭᠯᠡᠭᠡ ᠶᠢᠨ ᠨᠡᠮᠡᠭᠳᠡᠯ ᠤᠨ ᠴᠡᠭ ᠢ ᠪᠤᠶᠢᠵᠢᠭᠤᠯᠵᠤ᠂ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠳᠡᠯᠡᠬᠡᠶᠢᠵᠢᠭᠰᠡᠨ᠂ | ᠴᠢᠨᠠᠷᠵᠢᠭᠰᠠᠨ᠂ ᠥᠪᠡᠷᠮᠢᠴᠡᠵᠢᠭᠰᠡᠨ ᠬᠥᠭᠵᠢᠯᠲᠡ ᠶᠢ ᠠᠬᠢᠭᠤᠯᠤᠨ᠂ ᠬᠡᠷᠡᠭᠯᠡᠭᠡ ᠶᠢᠨ ᠲᠠᠰ ᠳᠡᠪᠰᠢᠭᠰᠡᠨ ᠰᠢᠨ᠎ᠡ | ᠭᠠᠵᠠᠷ ᠣᠷᠣᠨ ᠢ ᠪᠣᠶ ᠪᠣᠯᠭᠠᠬᠤ ᠶᠢᠨ ᠲᠤᠰᠠᠳᠠ ︽ᠣᠳᠣᠬᠠᠨ ᠤ ᠬᠤᠳᠠᠯᠳᠤᠭᠠᠨ ᠤ ᠶᠠᠪᠤᠳᠠᠯ ᠤᠨ ᠬᠦᠷᠢᠶ᠎ᠡ | ᠴᠠᠷᠠᠭ᠎ᠠ ᠶᠢᠨ ᠬᠡᠷᠡᠭᠯᠡᠭᠡ ᠶᠢ ᠠᠬᠢᠭᠤᠯᠬᠤ ᠭᠤᠤᠯᠳᠠᠯᠭ᠎ᠠ ᠲᠠᠢ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ | ᠬᠤᠳᠠᠯᠳᠤᠭᠠᠨ ᠤ ᠶᠠᠪᠤᠳᠠᠯ ᠤᠨ ᠶᠠᠮᠤᠨ ᠤ ᠮᠡᠳᠡᠭᠳᠡᠯ︾ ︵ᠬᠤᠳᠠᠯᠳᠤᠭ᠎ᠠ ᠬᠡᠷᠡᠭᠯᠡᠭᠡ ᠵᠠᠬᠢᠳᠠᠯ [ 2021 ] 491 | ᠳ᠋ᠦᠭᠡᠷ ᠲᠣᠭᠠᠲᠤ︶ ᠵᠢᠴᠢ ︽ᠥᠪᠡᠷᠲᠡᠭᠡᠨ ᠵᠠᠰᠠᠬᠤ ᠣᠷᠣᠨ ᠤ 2022 ᠣᠨ ᠳᠤ ᠲᠣᠭᠲᠠᠭᠤᠨ ᠢᠶᠠᠷ | ᠠᠬᠢᠭᠤᠯᠬᠤ ᠶᠢ ᠪᠠᠷᠢᠮᠲᠠᠯᠠᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠨᠠᠷᠢᠨ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ [ 2022 ] | 7 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡ ᠶᠢ ᠠᠬᠢᠭᠤᠯᠬᠤ | 2022 ᠣᠨ ᠤ ᠠᠵᠢᠯᠯᠠᠭᠠᠨ ᠤ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ︾ ᠢ ᠦᠨᠳᠦᠰᠦᠯᠡᠨ ᠲᠣᠰ | ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠲᠣᠭᠲᠠᠭᠠᠪᠠ᠃ | ᠬᠤᠶᠠᠷ᠂ ᠬᠡᠷᠡᠭᠯᠡᠬᠦ ᠬᠡᠪᠴᠢᠶ᠎ᠡ | ᠣᠯᠠᠨ ᠤᠯᠤᠰ ᠤᠨ ᠨᠡᠷᠡᠲᠦ ᠲᠡᠮᠳᠡᠭᠲᠦ ᠪᠣᠯ ᠳᠤᠮᠳᠠᠳᠤ ᠤᠯᠤᠰ ᠤᠨ ᠵᠠᠰᠠᠭ ᠵᠠᠬᠢᠷᠭᠠᠨ ᠤ ᠣᠷᠣᠨ ᠪᠦᠰᠡ | ︵ᠰᠢᠶᠠᠩᠭᠠᠩ ᠣᠣᠮᠧᠨ ᠲᠠᠶᠢᠸᠠᠨ ᠣᠷᠣᠨ ᠪᠠᠭᠲᠠᠬᠤ ᠦᠭᠡᠶ︶ ᠶᠢᠨ ᠬᠡᠪᠴᠢᠶᠡᠨ ᠳᠣᠲᠣᠷ᠎ᠠ ᠲᠡᠮᠳᠡᠭᠯᠡᠨ | ᠳᠠᠩᠰᠠᠯᠠᠭᠤᠯᠤᠭᠰᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠤᠭ ᠤᠨ ᠳᠣᠣᠷᠠᠬᠢ ᠨᠡᠷᠡᠲᠦ ᠲᠡᠮᠳᠡᠭᠲᠦ᠂ | ᠣᠯᠠᠨ ᠤᠯᠤᠰ ᠤᠨ ᠵᠠᠬ᠎ᠠ ᠳᠡᠯᠭᠡᠭᠦᠷ ᠳᠡᠭᠡᠷ᠎ᠡ ᠠᠯᠳᠠᠷᠰᠢᠯ ᠢᠶᠠᠷ ᠨᠡᠯᠢᠶᠡᠳ ᠥᠨᠳᠥᠷ᠂ ᠦᠢᠯᠡᠳᠬᠦᠨ ᠤ | ᠦᠢᠯᠡᠴᠢᠯᠡᠭᠡᠨ ᠢᠶᠠᠷ ᠪᠦᠬᠦ ᠪᠥᠮᠪᠥᠷᠴᠡᠭ ᠢ ᠨᠥᠯᠥᠭᠡᠯᠡᠭᠰᠡᠨ ᠨᠡᠷᠡᠲᠦ ᠲᠡᠮᠳᠡᠭᠲᠦ ᠪᠣᠯᠣᠨ᠎ᠠ᠃ ᠲᠤᠰ ᠭᠠᠵᠠᠷ ᠤᠨ | ᠨᠡᠷᠡᠲᠦ ᠲᠡᠮᠳᠡᠭ ᠪᠣᠯ ᠳᠤᠮᠳᠠᠳᠤ ᠤᠯᠤᠰ ᠤᠨ ᠵᠠᠰᠠᠭ ᠵᠠᠬᠢᠷᠭᠠᠨ ᠤ ᠣᠷᠣᠨ ︵ᠰᠢᠶᠠᠩᠭᠠᠩ ᠣᠣᠮᠧᠨ ᠲᠠᠶᠢᠸᠠᠨ | ᠣᠷᠣᠨ ᠪᠠᠭᠲᠠᠨ᠎ᠠ︶ ᠤ ᠬᠡᠪᠴᠢᠶᠡᠨ ᠳᠣᠲᠣᠷ᠎ᠠ ᠳᠠᠩᠰᠠᠯᠠᠭᠤᠯᠤᠨ ᠲᠡᠮᠳᠡᠭᠯᠡᠭᠦᠯᠦᠭᠰᠡᠨ ᠳᠣᠲᠣᠭᠠᠳᠤ ᠪᠡᠯᠡ ᠶᠢᠨ ᠠᠵᠤ | ᠠᠬᠤᠶᠢᠯᠠᠯ ᠤᠨ ᠲᠤᠭ ᠳᠣᠣᠷᠠᠬᠢ ᠲᠦᠷᠦᠯ ᠲᠡᠮᠳᠡᠭ ᠪᠣᠯᠬᠤ ᠪᠥᠭᠡᠳ ᠤᠯᠤᠰ ᠤᠨ ᠳᠣᠲᠣᠭᠠᠳᠤ ᠶᠢᠨ ᠵᠠᠬ᠎ᠠ | ᠳᠡᠯᠭᠡᠭᠦᠷ ᠳᠡᠭᠡᠷ᠎ᠡ ᠠᠯᠳᠠᠷᠰᠢᠯ ᠤᠨ ᠬᠡᠮᠵᠢᠶ᠎ᠡ ᠪᠠᠷ ᠨᠡᠯᠢᠶᠡᠳ ᠥᠨᠳᠥᠷ᠂ ᠦᠢᠯᠡᠳᠬᠦᠨ ᠤ ᠦᠢᠯᠡᠴᠢᠯᠡᠭᠡ ᠨᠢ ᠪᠦᠬᠦ | ᠤᠯᠤᠰ ᠢ ᠨᠥᠯᠥᠭᠡᠯᠡᠭᠰᠡᠨ ᠲᠦᠷᠦᠯ ᠲᠡᠮᠳᠡᠭᠲᠦ ᠪᠣᠯᠣᠨ᠎ᠠ᠃ ᠲᠤᠭᠴᠢ ᠳᠡᠯᠭᠡᠭᠦᠷ ᠭᠡᠳᠡᠭ ᠨᠢ ᠡᠵᠡᠩᠨᠡᠯᠲᠡ ᠶᠢᠨ | ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ︵ᠪᠠᠭᠲᠠᠨ᠎ᠠ︶ ᠪᠠᠶᠢᠬᠤ ᠮᠥᠷᠲᠡᠭᠡᠨ ᠲᠣᠰ ᠨᠠᠷᠠᠲᠤ | ᠲᠥᠷᠥᠯ ᠲᠡᠮᠳᠡᠭᠲᠦ ᠶᠢᠨ ᠪᠤᠰᠤᠳ ᠤᠯᠤᠰ ᠤᠨ ᠳᠣᠲᠣᠭᠠᠳᠤ ︵ᠰᠢᠶᠠᠩᠭᠠᠩ ᠣᠣᠮᠧᠨ ᠲᠠᠶᠢᠸᠠᠨ ᠣᠷᠣᠨ ᠪᠠᠭᠲᠠᠬᠤ | ᠥᠬᠡᠶ︶ ᠶᠢᠨ ᠪᠣᠳᠠᠲᠤ ᠴᠣᠭᠴᠠᠲᠤ ᠳᠡᠯᠭᠡᠭᠦᠷ ᠢ ᠵᠢᠭᠠᠵᠤ ᠪᠣᠶ᠂ ᠲᠠᠸᠠᠷ ᠤᠨ ᠲᠥᠷᠥᠯ ᠢᠯᠭᠠᠯ ᠨᠢ ᠲᠣᠰ ᠨᠠᠷᠠᠲᠤ | ᠲᠥᠷᠥᠯ ᠲᠡᠮᠳᠡᠭᠲᠦ ᠶᠢᠨ ᠨᠢᠭᠡᠳᠦᠭᠡᠷ ᠳᠡᠰ ᠤᠨ ᠭᠠᠷᠴᠠᠭ ᠤᠨ ᠳᠤᠤᠷᠠᠬᠢ ᠪᠣᠶ ᠪᠥᠬᠦᠶ ᠲᠥᠷᠥᠯ ᠢᠯᠭᠠᠯ ᠤᠨ ᠪᠣᠳᠠᠲᠤ | ᠴᠣᠭᠴᠠᠲᠤ ᠳᠡᠯᠭᠡᠭᠦᠷ ᠢ ᠪᠠᠭᠲᠠᠭᠠᠨ᠎ᠠ᠃ ᠰᠢᠨ᠎ᠡ ᠦᠢᠯᠡᠳᠬᠦᠨ ᠢ ᠠᠩᠬ᠎ᠠ ᠲᠠᠷᠬᠠᠭᠠᠬᠤ ᠠᠵᠢᠯᠯᠠᠭ᠎ᠠ ᠭᠡᠳᠡᠭ ᠪᠣᠯ | ᠠᠩᠬᠠᠨ ᠤ ᠳᠡᠯᠭᠡᠭᠦᠷ ᠤᠨ ᠲᠦᠷᠦᠯ ᠲᠡᠮᠳᠡᠭᠲᠦ ᠶᠢᠨ ᠲᠠᠯ᠎ᠠ ᠳᠤ ᠡᠷᠬᠡ ᠣᠯᠭᠤᠵᠤ᠂ ᠤᠷᠢᠳᠠᠪᠠᠷ ᠠᠶᠢᠮᠠᠭ | ᠬᠤᠲᠠ ᠶᠢᠨ ᠱᠠᠲᠤᠨ ᠠᠴᠠ ᠳᠡᠭᠡᠭᠰᠢᠬᠢ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠲᠤ | ᠳᠠᠩᠰᠠᠯᠠᠭᠤᠯᠤᠭᠰᠠᠨ ᠭᠤᠣᠯᠳᠠᠯᠭ᠎ᠠ ᠲᠠᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠪᠣᠯᠤᠨ᠎ᠠ᠃ | ᠭᠤᠷᠪᠠ᠂ ᠭᠤᠣᠯ ᠠᠭᠤᠯᠭ᠎ᠠ | ︽ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ︾ ᠳᠤ ᠭᠤᠷᠪᠠᠨ ᠬᠡᠰᠡᠭ ᠪᠠᠭᠲᠠᠨ᠎ᠠ᠄ | ᠨᠢᠭᠡᠳᠦᠭᠡᠷ ᠬᠡᠰᠡᠭ ᠲᠤ ᠶᠡᠷᠦᠩᠬᠡᠶ ᠠᠵᠢᠯ ᠤᠨ ᠬᠠᠷᠠᠯᠲᠠ ᠶᠢ ᠳᠤᠷᠠᠳᠴᠤ᠂ ᠤᠯᠤᠰ ᠤᠨ ᠳᠣᠲᠣᠭᠠᠳᠤ ᠶᠢᠨ ᠨᠠᠷᠠᠲᠤ | ᠲᠥᠷᠥᠯ ᠲᠡᠮᠳᠡᠭᠲᠦ ᠪᠠ ᠡᠭᠦᠳᠦᠯᠲᠡ ᠶᠢᠨ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠶ ᠪᠠᠷ ᠤᠷᠢᠨ ᠣᠷᠣᠭᠤᠯᠵᠤ᠂ | ᠣᠷᠣᠨ ᠤ ᠳᠣᠲᠣᠷᠠᠬᠢ ᠠᠵᠤ ᠠᠬᠤᠶᠢᠯᠠᠯ ᠤᠨ ᠴᠤ᠋ ᠰᠢᠨ᠎ᠡ ᠬᠤᠰᠢᠭᠤᠴᠢ ᠳᠡᠯᠭᠡᠭᠦᠷ ᠪᠠᠶᠢᠭᠤᠯᠬᠤ ᠶᠢ ᠵᠣᠷᠢᠭᠵᠢᠭᠤᠯᠤᠨ᠂ | ᠨᠠᠷᠠᠲᠤ ᠲᠥᠷᠥᠯ ᠲᠡᠮᠳᠡᠭᠲᠦ ᠶᠢ ᠠᠩᠬ᠎ᠠ ᠲᠠᠷᠬᠠᠭᠠᠬᠤ ᠵᠡᠷᠭᠡ ᠠᠵᠢᠯᠯᠠᠭ᠎ᠠ ᠶᠢ ᠳᠠᠭᠠᠭᠠᠨ ᠠᠪᠬᠤ ᠶᠢ ᠵᠣᠷᠢᠭᠵᠢᠭᠤᠯᠵᠤ᠂ | 2022 ᠣᠨ ᠠᠴᠠ 2023 ᠣᠨ ᠪᠣᠯᠲᠠᠯ᠎ᠠ᠂ ᠡᠯ᠎ᠡ ᠲᠥᠷᠥᠯ ᠤᠨ ᠨᠠᠷᠠᠲᠤ ᠲᠥᠷᠥᠯ ᠲᠡᠮᠳᠡᠭᠲᠦ ᠶᠢᠨ ᠠᠩᠬᠠᠨ ᠤ | ᠳᠡᠯᠭᠡᠭᠦᠷ ᠢ ᠥᠪᠥᠷ ᠮᠣᠩᠭᠤᠯ ᠳᠤ ᠠᠳᠠᠭ ᠲᠤ ᠪᠠᠨ 100 ᠠᠴᠠ ᠳᠡᠭᠡᠭᠰᠢ ᠨᠤᠲᠤᠭᠰᠢᠭᠤᠯᠬᠤ ᠪᠠᠷ ᠴᠢᠷᠮᠠᠶᠢᠨ᠎ᠠ᠃ | ᠬᠤᠶᠠᠳᠤᠭᠠᠷ ᠬᠡᠰᠡᠭ ᠨᠢ ᠠᠩᠬᠠᠨ ᠤ ᠳᠡᠯᠭᠡᠭᠦᠷ ᠤᠨ ᠠᠩᠬ᠎ᠠ ᠲᠠᠷᠬᠠᠭᠠᠬᠤ ᠠᠵᠤ ᠠᠬᠤᠶ ᠶᠢᠨ ᠬᠥᠭᠵᠢᠯᠲᠡ ᠶᠢᠨ | ᠲᠥᠷᠥ ᠶᠢᠨ ᠪᠣᠳᠣᠯᠭ᠎ᠠ ᠶᠢ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠠᠩᠬᠠᠨ ᠤ ᠳᠡᠯᠭᠡᠭᠦᠷ ᠤᠨ ᠣᠷᠣᠵᠤ | ᠰᠠᠭᠤᠬᠤ ᠶᠢ ᠳᠡᠮᠵᠢᠵᠦ᠂ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠨᠠᠷᠠᠲᠤ ᠲᠥᠷᠥᠯ ᠲᠡᠮᠳᠡᠭᠲᠦ ᠶᠢᠨ ᠡᠷᠦᠬᠡ | ᠠᠮᠠ ᠣᠷᠣᠭᠤᠯᠬᠤ᠂ ᠳᠡᠯᠭᠡᠭᠦᠷ ᠢᠶᠠᠨ ᠵᠠᠰᠠᠨ ᠴᠢᠮᠡᠭᠯᠡᠬᠦ᠂ ᠬᠡᠷ ᠪᠠᠶᠢᠰᠢᠩ ᠲᠦᠷᠢᠶᠡᠰᠦᠯᠡᠬᠦ ᠳᠤ ᠱᠠᠩᠨᠠᠯ ᠨᠥᠬᠦᠪᠥᠷᠢ | ᠣᠯᠭᠤᠵᠤ᠂ ᠨᠠᠷᠠᠲᠤ ᠲᠥᠷᠥᠯ ᠲᠡᠮᠳᠡᠭᠲᠦ ᠶᠢᠨ ᠳᠡᠯᠭᠡᠭᠦᠷ ᠤᠨ ᠲᠠᠰ ᠳᠡᠪᠰᠢᠵᠦ ᠲᠤᠭᠴᠢ ᠳᠡᠯᠭᠡᠭᠦᠷ ᠪᠣᠯᠬᠤ ᠶᠢ | ᠳᠡᠮᠵᠢᠵᠦ᠂ ᠲᠠᠲᠠᠨ ᠠᠪᠴᠢᠷᠠᠭᠰᠠᠨ ᠲᠠᠯ᠎ᠠ ᠳᠤ ᠱᠠᠩᠨᠠᠯ ᠣᠯᠭᠤᠨ᠎ᠠ᠃ ᠠᠩᠬ᠎ᠠ ᠲᠠᠷᠬᠠᠭᠠᠬᠤ ᠠᠵᠢᠯᠯᠠᠭ᠎ᠠ ᠶᠢ ᠳᠡᠮᠵᠢᠵᠦ᠂ | ᠠᠵᠢᠯᠯᠠᠭ᠎ᠠ ᠶᠢᠨ ᠥᠪᠡᠷ ᠤᠨ ᠥᠷᠲᠡᠭ ᠤᠨ ᠨᠥᠬᠦᠪᠥᠷᠢ ᠥᠭᠴᠦ᠂ ᠭᠤᠶᠤᠴᠢᠯᠠᠯ ᠤᠨ ᠮᠠᠲ᠋ᠧᠷᠢᠶᠠᠯ ᠢ ᠴᠣᠮᠬᠠᠳᠬᠠᠵᠤ᠂ | ᠬᠢᠨᠠᠨ ᠵᠥᠪᠰᠢᠶᠡᠷᠡᠬᠦ ᠶᠠᠪᠤᠴᠠ ᠶᠢ ᠪᠣᠭᠤᠨᠢᠰᠬᠠᠨ᠎ᠠ᠃ ᠭᠤᠷᠪᠠᠳᠤᠭᠠᠷ ᠬᠡᠰᠡᠭ ᠨᠢ ᠠᠩᠬᠠᠨ ᠤ ᠳᠡᠯᠭᠡᠭᠦᠷ ᠤᠨ ᠠᠩᠬ᠎ᠠ | ᠲᠠᠷᠬᠠᠭᠠᠬᠤ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠶᠡᠭᠡ ᠵᠦᠢᠯᠡᠰ ᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠵᠣᠯᠭᠠᠭᠤᠯᠬᠤ ᠲᠠᠪᠴᠠᠩ ᠢ ᠢᠳᠡᠪᠬᠢᠲᠡᠶ ᠪᠠᠶᠢᠭᠤᠯᠵᠤ᠂ ᠬᠢᠨᠠᠨ ᠬᠠᠮᠢᠶᠠᠷᠬᠤ | ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠬᠦ ᠶᠢ ᠪᠥᠬᠦ | ᠬᠦᠴᠦᠨ ᠢᠶᠠᠷ ᠳᠡᠮᠵᠢᠨ᠎ᠡ᠃ ᠦᠨᠡᠯᠡᠬᠦ ᠵᠢᠱᠢᠬᠦ ᠪᠠᠷᠢᠮᠵᠢᠶ᠎ᠠ ᠶᠢ ᠲᠣᠳᠣᠷᠬᠠᠶᠢᠯᠠᠵᠤ᠂ ᠨᠠᠷᠠᠲᠤ ᠲᠥᠷᠥᠯ ᠲᠡᠮᠳᠡᠭᠲᠦ ᠶᠢᠨ | ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ᠂ ᠬᠡᠷᠡᠭᠯᠡᠭᠴᠢᠳ ᠤᠨ ᠪᠦᠯᠦᠭᠵᠢᠯ ᠵᠢᠴᠢ ᠭᠦᠢᠯᠭᠡᠭᠡᠨ ᠤ ᠬᠡᠮᠵᠢᠶ᠎ᠡ᠂ | ᠬᠥᠭᠵᠢᠯᠲᠡ ᠶᠢᠨ ᠬᠠᠨᠳᠤᠰᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠨᠠᠷᠠᠲᠤ ᠲᠥᠷᠥᠯ | ᠲᠡᠮᠳᠡᠭᠲᠦ ᠶᠢᠨ ᠠᠩᠬᠠᠨ ᠤ ᠳᠡᠯᠭᠡᠭᠦᠷ ᠤᠨ ᠠᠩᠬ᠎ᠠ ᠲᠠᠷᠬᠠᠭᠠᠬᠤ ᠶᠢ ᠶᠡᠷᠦᠩᠬᠡᠶᠢᠯᠡᠨ ᠦᠨᠡᠯᠡᠨ ᠵᠢᠱᠢᠵᠦ᠂ ᠴᠢᠩᠭ᠎ᠠ | ᠬᠢᠨᠠᠨ ᠬᠠᠷᠭᠤᠭᠤᠯᠬᠤ ᠬᠡᠷᠡᠭᠲᠡᠶ᠃ ᠬᠥᠭᠵᠢᠯᠲᠡ ᠶᠢ ᠰᠢᠯᠭᠠᠨ ᠬᠢᠨᠠᠵᠤ ᠤᠷᠮᠠᠰᠢᠭᠤᠯᠬᠤ ᠶᠢ ᠴᠢᠩᠭᠠᠷᠠᠭᠤᠯᠵᠤ᠂ ᠡᠯ᠎ᠡ | ᠠᠶᠢᠮᠠᠭ ᠬᠤᠲᠠ ᠶᠢᠨ ᠬᠤᠳᠠᠯᠳᠤᠭᠠᠨ ᠤ ᠨᠠᠷᠠᠲᠤ ᠲᠥᠷᠥᠯ ᠲᠡᠮᠳᠡᠭᠲᠦ ᠶᠢᠨ ᠠᠩᠬᠠᠨ ᠤ ᠳᠡᠯᠭᠡᠭᠦᠷ ᠢ ᠣᠷᠣᠭᠤᠯᠤᠨ | ᠠᠪᠴᠢᠷᠠᠬᠤ ᠪᠠ ᠠᠩᠬ᠎ᠠ ᠲᠠᠷᠬᠠᠭᠠᠬᠤ ᠠᠵᠢᠯᠯᠠᠭ᠎ᠠ ᠶᠢᠨ ᠲᠠᠰ ᠳᠠᠪᠬᠤᠷᠭ᠎ᠠ᠂ ᠲᠤᠭ᠎ᠠ ᠬᠡᠮᠵᠢᠶ᠎ᠡ᠂ ᠡᠵᠡᠩᠨᠡᠯᠲᠡ ᠶᠢᠨ | ᠦᠷ᠎ᠡ ᠪᠦᠲᠦᠮᠵᠢ ᠵᠢᠴᠢ ᠠᠵᠤ ᠠᠬᠤᠶ ᠶᠢᠨ ᠨᠥᠯᠥᠭᠡ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠳᠤ ᠣᠨ ᠤ | ᠶᠡᠷᠦᠩᠬᠡᠶᠢᠯᠡᠭᠰᠡᠨ ᠰᠢᠯᠭᠠᠨ ᠬᠢᠨᠠᠯᠲᠠ ᠬᠢᠨ᠎ᠠ᠃ | ᠳᠦᠷᠪᠡ᠂ ᠭᠦᠢᠴᠡᠳᠬᠡᠬᠦ ᠴᠠᠭ | ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠵᠦ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 2 ᠵᠢᠯ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 2 | ᠵᠢᠯ ᠠᠴᠠ ᠬᠡᠲᠦᠷᠡᠭᠰᠡᠨ ᠵᠦᠢᠯ ᠵᠤᠷᠪᠤᠰ ᠢ ᠲᠦᠷ 2 ᠵᠢᠯ ᠢᠶᠠᠷ ᠬᠡᠷᠡᠭᠵᠢᠭᠦᠯᠦᠨ᠎ᠡ᠃ | |