内蒙古自治区商务厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠷᠭᠡᠳᠬᠡᠨ ᠬᠥᠭᠵᠢᠭᠦᠯᠬᠦ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠭ᠎ᠠ ᠬᠡᠮᠵᠢᠶ᠎ᠡ ᠨᠦᠭᠦᠳ︾ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
        ᠨᠡᠶᠢᠲᠡᠯᠡᠭᠰᠡᠨ ᠴᠠᠭ᠄
        2022/7/30
            ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠷᠭᠡᠳᠬᠡᠨ ᠬᠥᠭᠵᠢᠭᠦᠯᠬᠦ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 39 ᠳ᠋ᠦ᠋ᠭᠡᠷ ᠲᠣᠭᠠᠲᠤ᠂ ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠶᠢᠨ ︽ᠠᠷᠭ᠎ᠠ ᠬᠡᠮᠵᠢᠶ᠎ᠡ ᠨᠦᠭᠦᠳ︾ ᠤᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠠ᠃    ᠨᠢᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠢ ᠲᠦᠷᠭᠡᠳᠬᠡᠨ ᠬᠥᠭᠵᠢᠭᠦᠯᠬᠦ ᠶᠢ ᠠᠬᠢᠭᠤᠯᠬᠤ ᠪᠣᠯ ᠤᠯᠤᠰ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠤᠨ ᠴᠢᠨᠠᠷ ᠰᠠᠶᠢᠲᠠᠶ ᠬᠥᠭᠵᠢᠭᠦᠯᠬᠦ ᠶᠢ ᠪᠠᠷᠢᠮᠲᠠᠯᠠᠬᠤ ᠪᠣᠳᠠᠲᠠᠶ ᠠᠷᠭ᠎ᠠ ᠬᠡᠮᠵᠢᠶ᠎ᠡ ᠮᠥᠨ᠃    2022 ᠣᠨ ᠤ 4 ᠰᠠᠷ᠎ᠠ ᠶᠢᠨ 22 ᠤᠨ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠤᠯᠢ︾ ︽ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢᠶᠠᠷ ᠰᠢᠨ᠎ᠡ ᠬᠡᠯᠪᠡᠷᠢ ᠶᠢᠨ ᠬᠡᠷᠡᠭᠯᠡᠭᠡ ᠶᠢ ᠬᠥᠲᠥᠯᠥᠨ ᠵᠢᠯᠣᠭᠤᠳᠴᠤ ᠬᠥᠭᠵᠢᠯᠲᠡ ᠶᠢ ᠲᠦᠷᠭᠡᠳᠬᠡᠬᠦ ᠲᠤᠬᠠᠶ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 32 ᠳ᠋ᠤᠭᠠᠷ ᠲᠣᠭᠠᠲᠤ︶᠂ ︽︿ᠰᠢᠨ᠎ᠡ ᠬᠡᠯᠪᠡᠷᠢ ᠶᠢᠨ ᠬᠡᠷᠡᠭᠯᠡᠭᠡ ᠶᠢ ᠲᠦᠷᠭᠡᠪᠴᠢᠯᠡᠨ ᠪᠤᠶᠢᠵᠢᠭᠤᠯᠬᠤ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠠᠵᠢᠯ ᠣᠯᠭᠤᠯᠲᠠ ﹇2021﹈ 396 ᠳ᠋ᠤᠭᠠᠷ ᠲᠣᠭᠠᠲᠤ︶᠂ ︽︿ᠪᠣᠬᠢᠷᠲᠤᠯ ᠥᠬᠡᠶ ᠬᠡᠷᠡᠭᠯᠡᠭᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠠᠵᠢᠯ ᠣᠯᠭᠤᠯᠲᠠ  ﹇2022﹈ 107 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ 2022 ᠣᠨ ᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠮᠠᠨ ᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠪᠣᠳᠠᠲᠠᠶ ᠲᠠᠢ ᠤᠶᠠᠯᠳᠤᠭᠤᠯᠤᠨ᠂ ︽ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠪᠠ᠃ ︽ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠵᠤ ᠬᠡᠷᠡᠭᠵᠢᠭᠦᠯᠦᠭᠰᠡᠨ ᠶᠠᠪᠤᠳᠠᠯ ᠪᠣᠯ ᠬᠡᠷᠡᠭᠯᠡᠭᠡ ᠶᠢᠨ ᠲᠡᠰ ᠲᠡᠪᠰᠢᠯᠳᠠ ᠶᠢ ᠳᠡᠭᠡᠭᠰᠢᠯᠡᠭᠦᠯᠬᠦ ᠪᠠ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃    ᠬᠤᠶᠠᠷ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠷᠭᠡᠳᠬᠡᠨ ᠬᠥᠭᠵᠢᠭᠦᠯᠬᠦ ᠶᠢ ᠠᠬᠢᠭᠤᠯᠵᠤ᠂ ᠬᠠᠷᠠᠯᠲᠠᠲᠤ ᠡᠭᠦᠷᠭᠡ ᠶᠢ ᠲᠣᠳᠣᠷᠬᠠᠶᠢᠯᠠᠨ᠂ ᠠᠵᠤ ᠦᠢᠯᠡᠰ ᠤᠨ ᠲᠠᠰ ᠳᠡᠪᠰᠢᠬᠦ ᠶᠢ ᠣᠯᠠᠨ ᠲᠠᠯ᠎ᠠ ᠪᠠᠷ ᠳᠡᠭᠡᠭᠰᠢᠯᠡᠭᠦᠯᠦᠨ ᠳᠡᠮᠵᠢᠨ᠎ᠡ᠃    ᠨᠢᠭᠡ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠲᠦᠷᠭᠡᠳᠬᠡᠨ ᠬᠦᠭᠵᠢᠬᠦᠯᠦᠨ᠎ᠠ᠃ ᠭᠤᠤᠯ ᠠᠭᠤᠯᠭ᠎ᠠ ᠨᠢ ᠲᠠᠪᠴᠠᠩ ᠤᠨ ᠬᠡᠯᠪᠡᠷᠢ ᠶᠢᠨ ᠠᠵᠤ ᠠᠬᠤᠶᠢᠯᠠᠯ ᠤᠨ ᠱᠠᠩᠨᠠᠵᠤ ᠨᠥᠬᠦᠪᠥᠷᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠭᠤᠯᠤᠨ ᠠᠪᠴᠢᠷᠠᠬᠤ ᠪᠠ ᠳᠡᠮᠵᠢᠵᠦ᠂ ᠬᠥᠭᠵᠢᠯᠲᠡ ᠶᠢ ᠨᠢ ᠲᠦᠷᠭᠡᠳᠬᠡᠨ᠎ᠡ︔ ᠬᠤᠶᠠᠷ ᠲᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠪᠠᠶᠢᠭᠤᠯᠤᠯᠲᠠ ᠶᠢ ᠠᠬᠢᠭᠤᠯᠵᠤ᠂ ᠭᠤᠤᠯᠳᠠᠭᠤ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠵᠡᠷᠭᠡ ᠲᠠᠯ᠎ᠠ ᠳᠤ ᠳᠡᠮᠵᠢᠯᠭᠡ ᠦᠵᠡᠭᠦᠯᠦᠨ᠎ᠡ︔ ᠭᠤᠷᠪᠠ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠭᠤᠤᠯ ᠴᠣᠭᠴᠠ ᠶᠢᠨ ᠠᠭᠤᠯᠭ᠎ᠠ ᠨᠢ ᠠᠵᠢᠯ ᠲᠥᠷᠥᠯ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠵᠦ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠪᠠ ᠪᠠᠶᠢᠷᠢᠯᠠᠭᠤᠯᠤᠨ ᠲᠥᠯᠥᠪᠵᠢᠭᠦᠯᠬᠦ ᠶᠢ ᠰᠠᠶᠢᠲᠤᠷ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠳᠠᠪᠠᠭᠤᠯᠢᠭ ᠪᠦᠲᠦᠭᠡᠭᠳᠡᠬᠦᠨ ᠢ ᠲᠠᠨᠢᠯᠴᠠᠭᠤᠯᠬᠤ᠂ ᠪᠣᠷᠣᠯᠠᠭᠤᠯᠬᠤ ᠲᠠᠯ᠎ᠠ ᠪᠠᠷ ᠳᠡᠮᠵᠢᠯᠭᠡ ᠦᠵᠡᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠨᠡᠭᠡᠭᠡᠬᠦ ᠶᠢ ᠵᠣᠷᠢᠭᠵᠢᠭᠤᠯᠤᠨ ᠳᠡᠮᠵᠢᠨ᠎ᠡ︔ ᠳᠥᠷᠪᠡ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠯᠭᠠᠭᠤᠷᠢᠯᠠᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠭᠤᠤᠯᠳᠠᠭᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ᠂ ᠵᠢᠱᠢᠶᠡᠯᠡᠪᠡᠯ ᠲᠦᠷᠭᠡᠨ ᠬᠦᠷᠭᠡᠬᠦ ᠪᠠᠷᠠᠭᠠᠨ ᠤ ᠬᠦᠢᠯᠭᠡᠭᠡ᠂ ᠪᠠᠷᠢᠮᠵᠢᠶᠠᠵᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠬᠦᠷᠢᠶ᠎ᠡ ᠴᠠᠷᠠᠭ᠎ᠠ ᠶᠢ ᠳᠡᠮᠵᠢᠨ᠎ᠡ︔ ᠲᠠᠪᠤ ᠳᠤ ᠵᠠᠰᠠᠭ ᠤᠨ ᠣᠷᠳᠣᠨ ᠤ ᠲᠡᠳᠬᠦᠨ ᠳᠡᠮᠵᠢᠬᠦ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠤᠨ᠎ᠠ᠂ ᠡᠭᠦᠨ ᠳᠤ ᠭᠤᠣᠯᠳᠠᠭᠤ ᠡᠯ᠎ᠡ ᠱᠠᠲᠤᠨ ᠤ ᠰᠠᠯᠠᠭ᠎ᠠ ᠮᠥᠴᠢᠷ ᠤᠨ ᠪᠡᠯᠡ ᠮᠥᠩᠭᠦ ᠪᠠ ᠭᠠᠶᠢᠯᠢ ᠲᠠᠲᠠᠪᠤᠷᠢ ᠶᠢᠨ ᠳᠡᠮᠵᠢᠯᠭᠡ ᠪᠠ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠳᠡᠭᠡᠷᠡᠬᠢ ᠠᠭᠤᠯᠭ᠎ᠠ ᠶᠢ ᠲᠣᠭᠲᠠᠭᠠᠬᠤ ᠳᠤ ᠭᠤᠤᠯᠳᠠᠭᠤ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠱᠠᠩᠨᠠᠵᠤ ᠨᠥᠬᠦᠪᠥᠷᠢᠯᠡᠬᠦ ᠪᠠᠷ ᠳᠡᠮᠵᠢᠬᠦ᠂ ᠲᠥᠯᠥᠪᠵᠢᠭᠦᠯᠦᠨ ᠪᠠᠶᠢᠷᠢᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠠᠯ᠎ᠠ ᠶᠢᠨ ᠠᠷᠭ᠎ᠠ ᠬᠡᠮᠵᠢᠶ᠎ᠡ ᠪᠠᠷ ᠨᠡᠶᠢᠯᠡᠮᠡᠯ ᠬᠦᠴᠦᠨ ᠢ ᠪᠦᠷᠢᠯᠳᠦᠭᠦᠯᠵᠦ ᠪᠠᠶᠢᠭᠠᠳ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ᠂ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃    ︽ᠠᠷᠭ᠎ᠠ ᠬᠡᠮᠵᠢᠶ᠎ᠡ ᠨᠦᠭᠦᠳ︾ ᠤᠨ ᠬᠦᠴᠦᠨ ᠲᠠᠢ ᠬᠤᠭᠤᠴᠠᠭ᠎ᠠ ᠨᠢ 3 ᠵᠢᠯ ᠪᠠᠶᠢᠵᠤ᠂ ᠱᠠᠩᠨᠠᠵᠤ ᠨᠥᠬᠦᠪᠥᠷᠢ ᠥᠭᠬᠦ ᠳᠤ ᠬᠤᠯᠪᠣᠭᠳᠠᠬᠤ ᠵᠤᠶᠢᠯ ᠵᠤᠷᠪᠤᠰ ᠢ ᠬᠡᠷᠡᠭᠵᠢᠭᠦᠯᠬᠦ ᠬᠡᠪᠴᠢᠶ᠎ᠡ ᠶᠢ ᠲᠤᠬᠠᠶ ᠶᠢᠨ ᠵᠢᠯ ᠳᠤ ᠨᠡᠶᠢᠲᠡᠯᠡᠭᠰᠡᠨ ᠪᠣᠳᠠᠲᠠᠶ ᠭᠤᠶᠤᠴᠢᠯᠠᠯ ᠤᠨ ᠵᠢᠭᠠᠯᠲᠠ ᠪᠠᠷ ᠪᠠᠷᠢᠮᠵᠢᠶ᠎ᠠ ᠪᠣᠯᠭᠠᠨ᠎ᠠ︔ ᠱᠠᠩᠨᠠᠵᠤ ᠨᠥᠬᠦᠪᠥᠷᠢᠯᠡᠬᠦ ᠳᠤ ᠬᠤᠯᠪᠣᠭᠳᠠᠭᠰᠠᠨ ᠬᠠᠷᠢᠴᠠᠯ ᠪᠣᠯᠤᠨ ᠬᠢᠵᠠᠭᠠᠷᠯᠠᠭᠰᠠᠨ ᠲᠤᠭ᠎ᠠ ᠨᠢ ᠴᠥᠮ ᠳᠡᠭᠡᠳᠦ ᠬᠢᠵᠠᠭᠠᠷ ᠪᠠᠶᠢᠵᠤ᠂ ᠪᠣᠳᠠᠲᠠᠶ ᠱᠠᠩᠨᠠᠵᠤ ᠨᠥᠬᠦᠪᠥᠷᠢᠯᠡᠬᠦ ᠶᠢᠨ ᠬᠠᠷᠢᠴᠠᠯ ᠪᠣᠯᠤᠨ ᠵᠣᠭᠤᠰ ᠤᠨ ᠲᠤᠭ᠎ᠠ ᠨᠢ ᠣᠨ ᠤ ᠪᠠᠯᠠ ᠮᠥᠩᠭᠦ ᠶᠢᠨ ᠲᠥᠰᠦᠪ ᠤᠨ ᠬᠢᠵᠠᠭᠠᠷᠯᠠᠯ ᠢᠶᠠᠷ ᠪᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠭᠵᠢᠯᠲᠡ ᠶᠢᠨ ᠲᠦᠷᠤ ᠶᠢᠨ ᠪᠤᠳᠤᠯᠭ᠎ᠠ ᠶᠢ ᠲᠤᠭᠲᠠᠭᠠᠵᠤ ᠪᠤᠯᠤᠨ᠎ᠠ᠃     ᠲᠥᠷᠥ ᠶᠢᠨ ᠪᠣᠳᠣᠯᠭ᠎ᠠ ᠶᠢᠨ ᠡᠬᠡ ᠪᠢᠴᠢᠭ᠄ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠷᠭᠡᠳᠬᠡᠨ ᠬᠥᠭᠵᠢᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ 
         
        ᠢᠷᠡᠯᠲᠡ᠄ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠭᠠᠵᠠᠷ
         
        2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号