内蒙古自治区商务厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        2022 ᠣᠨ ᠤ ᠳᠡᠭᠡᠷ᠎ᠡ ᠬᠠᠭᠠᠰ ᠵᠢᠯ ᠤᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠡᠯᠡᠯ
        ᠨᠡᠶᠢᠲᠡᠯᠡᠭᠰᠡᠨ ᠴᠠᠭ᠄
        2022/8/1
          ᠨᠢᠭᠡ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ  ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 2285.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 — 5 ᠳ᠋ᠤᠭᠠᠷ ᠰᠠᠷ᠎ᠠ ᠶᠢᠨ ᠬᠢ ᠠᠴᠠ 0.6 ᠵᠠᠭᠤᠨ ᠤ ᠨᠢᠭᠡᠴᠢ ᠪᠠᠭᠠᠰᠴᠤ᠂ ᠪᠥᠬᠦ ᠤᠯᠤᠰ ᠤᠨ ᠬᠢ ᠠᠴᠠ 0.5 ᠵᠠᠭᠤᠨ ᠤ ᠨᠢᠭᠡᠴᠢ ᠥᠨᠳᠥᠷ ᠪᠣᠯᠵᠠᠶ᠃     ᠠᠵᠢᠯᠯᠠᠭᠠᠨ ᠤ ᠭᠤᠣᠯ ᠣᠨᠴᠠᠯᠢᠭ ᠪᠣᠯ᠄ ᠬᠡᠷᠡᠭᠯᠡᠭᠡᠨ ᠤ ᠵᠠᠬ᠎ᠠ ᠳᠡᠯᠭᠡᠭᠦᠷ ᠢ ᠲᠦᠷᠭᠡᠪᠴᠢᠯᠡᠨ ᠰᠡᠷᠭᠦᠭᠡᠵᠦ᠂ ᠦᠨᠳᠦᠰᠦᠨ ᠠᠮᠢᠳᠤᠷᠠᠯ ᠤᠨ ᠲᠦᠷᠦᠯ ᠤᠨ ᠲᠠᠸᠠᠷ ᠢ ᠨᠡᠯᠢᠶᠡᠳ ᠲᠦᠷᠭᠡᠨ ᠢᠶᠠᠷ ᠨᠡᠮᠡᠭᠳᠡᠬᠦᠯᠪᠠ᠃ ᠣᠷᠣᠨ ᠪᠦᠰᠡ ᠠᠴᠠ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 0.2% ᠢᠶᠠᠷ ᠪᠠᠭᠤᠷᠠᠪᠠ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 0.6% ᠪᠠᠷ ᠪᠠᠭᠤᠷᠠᠪᠠ᠃ ᠬᠡᠷᠡᠭᠯᠡᠭᠡᠨ ᠤ ᠬᠡᠯᠪᠡᠷᠢ ᠠᠴᠠ ᠦᠵᠡᠪᠡᠯ᠂ ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ 9.2% ᠢᠶᠠᠷ ᠪᠠᠭᠤᠷᠠᠵᠤ᠂ ᠲᠦᠷᠦᠭᠦᠤ ᠰᠠᠷ᠎ᠠ ᠶᠢᠨ ᠬᠢ ᠠᠴᠠ 0.6 ᠵᠠᠭᠤᠨ ᠤ ᠨᠢᠭᠡᠴᠢ ᠪᠠᠭᠠᠰᠴᠠᠶ᠃ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ 0.8% ᠪᠠᠷ ᠨᠡᠮᠡᠭᠳᠡᠵᠦ᠂ ᠲᠦᠷᠦᠭᠦᠦ ᠰᠠᠷ᠎ᠠ ᠶᠢᠨ ᠬᠢ ᠠᠴᠠ 0.6 ᠵᠠᠭᠤᠨ ᠤ ᠨᠢᠭᠡᠴᠢ ᠪᠠᠷ ᠥᠷᠭᠡᠳᠴᠡᠶ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ 11 ᠬᠡᠷᠡᠭᠯᠡᠭᠡᠨ ᠤ ᠵᠦᠢᠯ ᠤᠨ ᠲᠥᠷᠥᠯ ᠤᠨ ᠥᠷᠲᠡᠭ ᠠᠴᠠ ᠦᠵᠡᠪᠡᠯ᠂ 6 ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠮᠡᠭᠳᠡᠯ ᠢ ᠪᠠᠳᠣᠯᠠᠪᠠ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠵᠦ᠂ ᠠᠮᠤ ᠪᠤᠳᠠᠭ᠎ᠠ ᠲᠣᠰᠣ ᠢᠳᠡᠭᠡᠨ ᠤ ᠲᠥᠷᠥᠯ᠂ ᠤᠮᠳᠠᠭᠠᠨ ᠤ ᠲᠥᠷᠥᠯ᠂ ᠠᠷᠢᠬᠢ ᠲᠠᠮᠠᠬᠢᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 26.4%᠂ 13.7%᠂ 9.9% ᠨᠡᠮᠡᠭᠳᠡᠪᠡ᠃ ᠲᠠᠰ ᠳᠡᠪᠰᠢᠬᠦ ᠲᠥᠷᠥᠯ ᠤᠨ ᠲᠠᠸᠠᠷ ᠤᠨ ᠬᠡᠷᠡᠭᠯᠡᠭᠡ ᠪᠠᠭ᠎ᠠ ᠬᠡᠮᠵᠢᠶ᠎ᠡ ᠪᠠᠷ ᠳᠡᠭᠡᠭᠰᠢᠯᠡᠵᠦ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ᠂ ᠵᠠᠰᠠᠯ ᠴᠢᠮᠡᠭ ᠤᠨ ᠡᠳ᠋ ᠤᠨ ᠲᠥᠷᠥᠯ᠂ ᠮᠠᠰᠢᠨ ᠲᠡᠷᠭᠡᠨ ᠤ ᠲᠥᠷᠥᠯ ᠤᠨ ᠪᠠᠭᠤᠷᠠᠯᠲᠠ ᠶᠢᠨ ᠬᠡᠮᠵᠢᠶ᠎ᠡ ᠨᠢᠭᠡᠳᠦᠭᠡᠷ ᠤᠯᠠᠷᠢᠯ ᠤᠨ ᠬᠢ ᠠᠴᠠ ᠲᠣᠰ ᠲᠣᠰ 0.8᠂ 0.7᠂ 1.3 ᠵᠠᠭᠤᠨ ᠤ ᠨᠢᠭᠡᠴᠢ ᠪᠠᠭᠠᠰᠴᠤ᠂ ᠬᠡᠷ ᠤᠨ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ 28.9% ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠢᠭᠡᠳᠦᠭᠡᠷ ᠤᠯᠠᠷᠢᠯ ᠤᠨ ᠬᠢ ᠠᠴᠠ 4.1 ᠵᠠᠭᠤᠨ ᠤ ᠨᠢᠭᠡᠴᠢ ᠪᠠᠭᠤᠷᠠᠪᠠ᠃     ᠠᠶᠢᠮᠠᠭ ᠬᠤᠳᠠ ᠶᠢᠨ ᠪᠠᠶᠢᠳᠠᠯ ᠠᠴᠠ ᠦᠵᠡᠪᠡᠯ᠂ ᠤᠷᠳᠤᠰ ᠬᠤᠳᠠ᠂ ᠠᠯᠠᠱᠠ ᠠᠶᠢᠮᠠᠭ᠂ ᠬᠢᠩᠭᠠᠨ ᠠᠶᠢᠮᠠᠭ᠂ ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠬᠥᠯᠥᠨ ᠪᠤᠶᠢᠷ ᠬᠤᠳᠠ᠂ ᠦᠬᠠᠢ ᠬᠤᠳᠠ᠂ ᠰᠢᠯᠢ ᠶᠢᠨ ᠭᠤᠣᠯ ᠠᠶᠢᠮᠠᠭ ᠵᠡᠷᠭᠡ 8 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠦᠪᠰᠢᠨ ᠠᠴᠠ ᠳᠠᠪᠠᠵᠤ᠂ ᠦᠯᠡᠳᠡᠭᠰᠡᠨ 4 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠦᠪᠰᠢᠨ ᠠᠴᠠ ᠳᠣᠣᠷ᠎ᠠ ᠪᠣᠯᠪᠠ᠃     ᠬᠤᠶᠠᠷ᠂ ᠭᠠᠳᠠᠭᠠᠳᠤ ᠠᠷᠠᠯᠵᠢᠶ᠎ᠠ     ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 680.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.3% ᠪᠠᠷ ᠨᠡᠮᠡᠭᠳᠡᠪᠡ᠃ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠲᠤᠭ᠎ᠠ ᠨᠡᠶᠢᠲᠡ 388.2 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 8.0% ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 292.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.6% ᠨᠡᠮᠡᠭᠳᠡᠵᠡᠶ᠃     ᠳ᠋ᠣᠯᠯᠠᠷ ᠤᠨ ᠪᠠᠷᠢᠮᠵᠢᠶ᠎ᠠ ᠪᠠᠷ ᠪᠣᠯ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 105.9 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.3% ᠨᠡᠮᠡᠭᠳᠡᠪᠡ᠃ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠨᠡᠶᠢᠲᠡ ᠲᠤᠭ᠎ᠠ 60.4 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 45.5 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.8% ᠪᠠᠷ ᠨᠡᠮᠡᠭᠳᠡᠵᠡᠶ᠃     ᠠᠵᠢᠯᠯᠠᠭᠠᠨ ᠤ ᠭᠤᠣᠯ ᠣᠨᠴᠠᠯᠢᠭ ᠪᠣᠯ᠄ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠢ ᠦᠷᠭᠦᠯᠵᠢᠯᠡᠨ ᠲᠦᠷᠭᠡᠨ ᠢᠶᠠᠷ ᠨᠡᠮᠡᠭᠳᠡᠬᠦᠯᠪᠠ᠃ 6 ᠳ᠋ᠤᠭᠠᠷ ᠰᠠᠷ᠎ᠠ ᠳᠤ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 133.8 ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ ᠠᠴᠠ ᠨᠠᠰᠢᠬᠢ ᠭᠠᠭᠴᠠ ᠰᠠᠷ᠎ᠠ ᠶᠢᠨ ᠬᠠᠮᠤᠭ ᠤᠨ ᠥᠨᠳᠥᠷ ᠬᠡᠮᠵᠢᠶᠡᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.3% ᠪᠠᠷ ᠨᠡᠮᠡᠭᠳᠡᠪᠡ᠂ ᠡᠭᠦᠨ ᠳᠤ᠄ ᠭᠠᠳᠠᠭᠠᠳᠤ ᠳᠤ ᠭᠠᠷᠭᠠᠭᠰᠠᠨ ᠲᠤᠭ᠎ᠠ 52.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.1% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠲᠤᠭ᠎ᠠ 81.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.1% ᠨᠡᠮᠡᠭᠳᠡᠵᠡᠶ᠃ ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ᠂ ᠭᠠᠳᠠᠭᠠᠳᠤ ᠭᠠᠷᠭᠠᠯᠲᠠ᠂ ᠭᠠᠳᠠᠭᠠᠳᠤ ᠣᠷᠣᠭᠤᠯᠤᠯᠲᠠ ᠲᠣᠰ ᠲᠣᠰ 17.3%᠂ 32.6%᠂ 8.0% ᠨᠡᠮᠡᠭᠳᠡᠪᠡ᠂ ᠡᠭᠦᠨ ᠳᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠬᠢ ᠠᠴᠠ 7.9 ᠵᠠᠭᠤᠨ ᠤ ᠨᠢᠭᠡᠴᠢ ᠥᠨᠳᠥᠷ ᠪᠠᠶᠢᠵᠤ᠂ ᠳᠡᠭᠡᠷ᠎ᠡ ᠰᠠᠷ᠎ᠠ ᠶᠢᠨ ᠬᠢ ᠠᠴᠠ 3.6 ᠵᠠᠭᠤᠨ ᠤ ᠨᠢᠭᠡᠴᠢ ᠥᠷᠭᠡᠳᠴᠦ᠂ ᠪᠥᠬᠦ ᠤᠯᠤᠰ ᠤᠨ ᠠᠷᠪᠠᠨ ᠨᠢᠭᠡᠳᠦᠭᠡᠷ ᠲᠤ ᠣᠷᠣᠵᠤ᠂ ᠳᠡᠭᠡᠷ᠎ᠡ ᠰᠠᠷ᠎ᠠ ᠶᠢᠨ ᠬᠢ ᠠᠴᠠ 5 ᠣᠷᠣᠨ ᠳᠡᠭᠡᠭᠰᠢᠯᠡᠵᠦ᠂ ᠨᠢᠭᠡᠳᠦᠭᠡᠷ ᠤᠯᠠᠷᠢᠯ ᠤᠨ ᠬᠢ ᠠᠴᠠ 14 ᠣᠷᠣᠨ ᠳᠡᠭᠡᠭᠰᠢᠯᠡᠪᠡ︔ ᠭᠠᠳᠠᠭᠠᠳᠤ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠬᠢ ᠠᠴᠠ 19.4 ᠵᠠᠭᠤᠨ ᠤ ᠨᠢᠭᠡᠴᠢ ᠥᠨᠳᠥᠷ ᠪᠠᠶᠢᠵᠤ᠂ ᠪᠠᠶᠢᠷᠢ ᠶᠢᠨ ᠳᠠᠷᠠᠭᠠᠯᠠᠯ ᠨᠢ ᠲᠦᠷᠦᠭᠦᠤ ᠰᠠᠷ᠎ᠠ ᠶᠢᠨ ᠬᠢ ᠲᠠᠢ ᠦᠨᠳᠦᠰᠦᠨ ᠳᠡᠭᠡᠨ ᠠᠳᠠᠯᠢ ᠪᠣᠯᠪᠠ︔ ᠭᠠᠳᠠᠭᠠᠳᠤ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠬᠢ ᠠᠴᠠ 3.2 ᠵᠠᠭᠤᠨ ᠤ ᠨᠢᠭᠡᠴᠢ ᠥᠨᠳᠥᠷ ᠪᠠᠶᠢᠵᠤ᠂ ᠪᠥᠬᠦ ᠤᠯᠤᠰ ᠤᠨ 12 ᠳ᠋ᠤᠭᠠᠷ ᠲᠤ ᠵᠢᠭᠰᠠᠭᠠᠭᠳᠠᠵᠤ᠂ ᠲᠦᠷᠦᠭᠦᠤ ᠰᠠᠷ᠎ᠠ ᠶᠢᠨ ᠬᠢ ᠠᠴᠠ 8 ᠣᠷᠣᠨ ᠳᠡᠭᠡᠭᠰᠢᠯᠡᠵᠦ᠂ ᠨᠢᠭᠡᠳᠦᠭᠡᠷ ᠤᠯᠠᠷᠢᠯ ᠤᠨ ᠬᠢ ᠠᠴᠠ 12 ᠣᠷᠣᠨ ᠳᠡᠭᠡᠭᠰᠢᠯᠡᠵᠡᠶ᠃ ᠡᠩ ᠤᠨ ᠠᠷᠠᠯᠵᠢᠶᠠᠨ ᠤ ᠬᠤᠪᠢ ᠶᠢᠨ ᠵᠢᠩ ᠳᠡᠭᠡᠭᠰᠢᠯᠡᠪᠡ᠃ ᠳᠡᠭᠡᠷ᠎ᠡ ᠬᠠᠭᠠᠰ ᠵᠢᠯ ᠳᠤ᠂ ᠡᠩ ᠤᠨ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 469.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.5% ᠨᠡᠮᠡᠭᠳᠡᠵᠦ᠂ ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠲᠣᠭᠠᠨ ᠤ 69.0% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.9 ᠵᠠᠭᠤᠨ ᠤ ᠨᠢᠭᠡᠴᠢ ᠳᠡᠭᠡᠭᠰᠢᠯᠡᠵᠡᠶ︔ ᠪᠥᠬᠦ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 49.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 113.1% ᠨᠡᠮᠡᠭᠳᠡᠪᠡ︔ ᠬᠢᠯᠢ ᠶᠢᠨ ᠪᠠᠭ᠎ᠠ ᠲᠣᠭᠠᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ 92.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.3% ᠪᠠᠭᠤᠷᠠᠪᠠ᠃ ᠪᠤᠰᠤᠳ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ 68.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠵᠡᠢ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠲᠦᠷᠦᠭᠦᠤ ᠬᠠᠭᠠᠰ ᠵᠢᠯ ᠳᠤ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠬᠡᠮᠵᠢᠶ᠎ᠡ 54.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 48.8% ᠪᠠᠷ ᠨᠡᠮᠡᠭᠳᠡᠨ᠂ ᠪᠥᠬᠦ ᠣᠷᠣᠨ ᠤ ᠳᠤᠮᠳᠠᠴᠢ ᠨᠡᠮᠡᠭᠳᠡᠯ ᠤᠨ ᠬᠡᠮᠵᠢᠶ᠎ᠡ ᠠᠴᠠ 31.5 ᠵᠠᠭᠤᠨ ᠤ ᠨᠢᠭᠡᠴᠢ ᠥᠨᠳᠥᠷ ᠪᠣᠯᠵᠠᠶ᠃ ᠪᠥᠬᠦ ᠣᠷᠣᠨ ᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 454.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.3% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠤᠨ 66.8% ᠶᠢ ᠡᠵᠡᠯᠡᠵᠦ᠂ ᠮᠠᠨ ᠤ ᠣᠷᠣᠨ ᠤ ᠨᠢᠭᠡᠳᠦᠭᠡᠷ ᠲᠣᠮᠣ ᠭᠠᠳᠠᠭᠠᠳᠤ ᠠᠷᠠᠯᠵᠢᠶ᠎ᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠦᠬᠦ ᠲᠤᠭ᠎ᠠ ᠭᠠᠳᠠᠭᠠᠳᠤ ᠳᠤ ᠭᠠᠷᠭᠠᠬᠤ ᠲᠠᠸᠠᠷ ᠤᠨ ᠪᠦᠲᠦᠴᠡ ᠶᠢ ᠨᠡᠩ ᠰᠢᠯᠢᠳᠡᠭᠵᠢᠬᠦᠯᠵᠠᠢ᠃ ᠮᠠᠰᠢᠨ ᠴᠠᠬᠢᠯᠭᠠᠨ ᠤ ᠦᠢᠯᠡᠳᠬᠦᠨ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠭᠠᠳᠠᠭᠠᠳᠤ ᠭᠠᠷᠭᠠᠯᠲᠠ ᠲᠦᠷᠭᠡᠨ ᠢᠶᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 68.8%᠂ 61.0% ᠨᠡᠮᠡᠭᠳᠡᠵᠡᠶ᠂ ᠡᠨᠡ ᠬᠤᠶᠠᠷ ᠨᠢ ᠨᠡᠶᠢᠯᠡᠭᠡᠳ ᠭᠠᠳᠠᠭᠠᠳᠤ ᠭᠠᠷᠭᠠᠯᠲᠠ ᠶᠢᠨ ᠪᠥᠬᠦ ᠲᠣᠭᠠᠨ ᠤ 34.3% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.2 ᠵᠠᠭᠤᠨ ᠤ ᠨᠢᠭᠡᠴᠢ ᠥᠷᠭᠡᠳᠴᠡᠶ᠃ ᠲᠠᠪᠤᠨ ᠶᠡᠭᠡ ᠲᠠᠸᠠᠷ ᠤᠨ ᠭᠠᠳᠠᠭᠠᠳᠤ ᠠᠴᠠ ᠣᠷᠣᠭᠤᠯᠬᠤ ᠬᠡᠮᠵᠢᠶ᠎ᠡ ᠪᠠ ᠦᠨ᠎ᠡ ᠬᠠᠩᠰᠢ ᠵᠡᠷᠭᠡ ᠪᠠᠷ ᠳᠡᠭᠡᠭᠰᠢᠯᠡᠪᠡ᠃ ᠴᠢᠯᠠᠭᠤᠨ ᠲᠣᠰᠣᠨ ᠤ ᠲᠦᠭᠦᠬᠡᠶ ᠴᠢᠯᠠᠭᠤᠨ ᠲᠣᠰᠣ᠂ ᠬᠤᠷᠠᠮᠠᠯ ᠴᠠᠬᠢᠯᠭᠠᠨ ᠬᠡᠯᠬᠢᠶ᠎ᠡ᠂ ᠴᠠᠶᠢᠷ ᠤᠨ ᠬᠦᠳᠡᠷ ᠤᠨ ᠡᠯᠡᠰᠦ᠂ ᠬᠠᠷ᠎ᠠ ᠲᠤᠭᠤᠯᠭ᠎ᠠ ᠶᠢᠨ ᠬᠦᠳᠡᠷ ᠤᠨ ᠡᠯᠡᠰᠦ᠂ ᠰᠢᠩᠭᠡᠨ ᠵᠥᠭᠡᠬᠡᠶ ᠶᠢᠨ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠲᠣᠰ ᠲᠣᠰ 8.5 ᠳᠠᠬᠢᠨ᠂ 1.2 ᠳᠠᠬᠢᠨ᠂ 34.1%᠂ 13.0%᠂ 1.9% ᠨᠡᠮᠡᠭᠳᠡᠵᠦ᠂ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠲᠣᠰ ᠲᠣᠰ 14.8 ᠳᠠᠬᠢᠨ᠂ 5.6 ᠳᠠᠬᠢᠨ᠂ 65.9%᠂ 13.0%᠂ 22.0% ᠨᠡᠮᠡᠭᠳᠡᠪᠡ᠃ ᠭᠤᠣᠯ ᠪᠣᠯᠬᠤ ᠠᠷᠠᠯᠵᠢᠶᠠᠨ ᠤ ᠬᠠᠨᠢᠲᠠᠨ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠨᠡᠯᠢᠶᠡᠳ ᠲᠦᠷᠭᠡᠨ ᠨᠡᠮᠡᠭᠳᠡᠪᠡ᠃ ᠮᠣᠩᠭᠤᠯ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 170.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.6% ᠨᠡᠮᠡᠭᠳᠡᠵᠦ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ ︵ᠳᠣᠷᠣᠭᠰᠢ ᠠᠳᠠᠯᠢ︶ ᠤᠨ 25.0% ᠶᠢ ᠡᠵᠡᠯᠡᠪᠡ︔ ᠣᠷᠣᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 87.3 ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ ᠠᠴᠠ ᠨᠠᠰᠢ ᠠᠩᠬ᠎ᠠ ᠤᠳᠠᠭ᠎ᠠ ᠡᠶᠡᠷᠭᠦ ᠨᠡᠮᠡᠭᠳᠡᠯ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.9% ᠪᠠᠷ ᠨᠡᠮᠡᠭᠳᠡᠨ᠂ 12.8% ᠶᠢ ᠡᠵᠡᠯᠡᠪᠡ᠃ ᠡᠨᠡ ᠬᠤᠶᠠᠷ ᠢ ᠨᠡᠶᠢᠯᠡᠭᠦᠯᠵᠦ ᠪᠤᠳᠤᠪᠠᠯ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 257.5 ᠳ᠋ᠦᠩᠰᠢᠭᠤᠷ ᠲᠥᠭᠦᠷᠢᠭ ᠲᠤ ᠬᠦᠷᠴᠦ᠂ 37.8% ᠶᠢ ᠡᠵᠡᠯᠡᠵᠡᠶ᠃ ᠲᠦᠷᠦᠭᠦᠦ ᠠᠷᠪᠠᠨ ᠶᠡᠭᠡ ᠠᠷᠠᠯᠵᠢᠶᠠᠨ ᠤ ᠬᠠᠨᠢᠲᠠᠨ ᠤ ᠳᠣᠲᠣᠷ᠎ᠠ᠂ ᠠᠦ᠋ᠰᠲᠷᠠᠯᠢᠶ᠎ᠠ ᠪᠣᠯᠤᠨ ᠺᠣᠷᠢᠶᠠ ᠠᠴᠠ ᠪᠤᠰᠤᠳ ᠨᠠᠢᠮᠠᠨ ᠶᠡᠭᠡ ᠠᠷᠠᠯᠵᠢᠶᠠᠨ ᠤ ᠬᠠᠨᠢᠲᠠᠨ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠴᠥᠮ ᠡᠶᠡᠷᠭᠦ ᠨᠡᠮᠡᠭᠳᠡᠯ ᠢ ᠪᠡᠶᠡᠯᠡᠭᠦᠯᠵᠡᠶ᠃ 6 ᠠᠶᠢᠮᠠᠭ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠠᠭ ᠨᠡᠮᠡᠭᠳᠡᠵᠦ ᠪᠠᠶᠢᠨ᠎ᠠ᠃ ᠲᠦᠷᠦᠭᠦᠤ ᠬᠠᠭᠠᠰ ᠵᠢᠯ ᠳᠤ᠂ ᠪᠠᠶᠠᠨᠨᠠᠭᠤᠷ ᠬᠤᠲᠠ᠂ ᠬᠥᠬᠡᠬᠤᠲᠠ᠂ ᠣᠷᠳᠣᠰ ᠬᠤᠲᠠ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠦᠬᠠᠶ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠥᠷᠲᠡᠭ ᠶᠠᠭ ᠨᠡᠮᠡᠭᠳᠡᠵᠦ ᠪᠠᠶᠢᠨ᠎ᠠ᠃ ᠪᠠᠶᠠᠨᠨᠠᠭᠤᠷ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 153.2 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠨᠢᠭᠡᠳᠦᠭᠡᠷ ᠲᠤ ᠣᠷᠣᠪᠠ᠃     ᠭᠤᠷᠪᠠ᠂ ᠭᠠᠳᠠᠭᠠᠳᠤ ᠶᠢᠨ ᠪᠡᠯᠡ ᠮᠥᠩᠭᠦ ᠶᠢ ᠰᠢᠭᠤᠳ ᠠᠰᠢᠭᠯᠠᠬᠤ     ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠵᠢᠱᠢᠯᠲᠡ ᠪᠠᠷ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠵᠣᠭᠤᠰᠣᠨ ᠲᠤᠭ᠎ᠠ 5.1 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 209.2% ᠨᠡᠮᠡᠭᠳᠡᠪᠡ︔ ᠪᠥᠬᠦ ᠣᠷᠣᠨ ᠳᠤ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠢ ᠰᠢᠨ᠎ᠡ ᠪᠠᠷ 23 ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 6 ᠨᠡᠮᠡᠭᠳᠡᠵᠡᠶ᠃    ᠳᠥᠷᠪᠡ᠂ ᠭᠠᠳᠠᠭᠠᠳᠤ ᠳᠤ ᠪᠠᠯᠠ ᠣᠷᠣᠭᠤᠯᠤᠨ ᠬᠠᠮᠲᠤᠷᠠᠯᠴᠠᠬᠤ    ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ᠰᠢᠨ᠎ᠡ ᠪᠠᠷ ᠨᠡᠮᠡᠭᠳᠡᠭᠰᠡᠨ ᠭᠠᠳᠠᠭᠠᠳᠤ ᠳᠠᠬᠢ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠲᠤᠭ᠎ᠠ 11 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15 ᠬᠠᠰᠤᠭᠳᠠᠵᠤ᠂ ᠳᠤᠮᠳᠠᠳᠤ ᠶᠢᠨ ᠲᠠᠯ᠎ᠠ ᠶᠢᠨ ᠵᠥᠪᠳᠡᠯᠴᠡᠬᠡᠷ ᠤᠨ ᠪᠠᠯᠠ ᠣᠷᠣᠭᠤᠯᠤᠯᠲᠠ ᠶᠢᠨ ᠲᠤᠭ᠎ᠠ 21.66 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3 ᠳᠠᠬᠢᠨ ᠨᠡᠮᠡᠭᠳᠡᠪᠡ᠃ ᠭᠤᠣᠯ ᠪᠣᠯᠬᠤ ᠪᠡᠯᠡ ᠣᠷᠣᠭᠤᠯᠤᠯᠲᠠ ᠶᠢᠨ ᠠᠵᠢᠯ ᠲᠦᠷᠦᠯ ᠪᠣᠯ ᠲᠠᠷᠢᠶᠠᠯᠠᠩ᠂ ᠪᠥᠭᠡᠮ ᠢᠶᠠᠷ ᠬᠤᠳᠠᠯᠳᠤᠬᠤ ᠦᠢᠯᠡᠰ᠂ ᠠᠭᠤᠷᠬᠠᠶ ᠮᠠᠯᠲᠠᠬᠤ ᠦᠢᠯᠡᠰ᠂ ᠰᠣᠨᠢᠨ ᠮᠡᠳᠡᠭᠡ ᠬᠡᠪᠯᠡᠯ ᠤᠨ ᠦᠢᠯᠡᠰ᠂ ᠦᠢᠯᠡᠴᠢᠯᠡᠭᠡᠨ ᠤ ᠦᠢᠯᠡᠰ᠂ ᠤᠯᠠᠨ ᠤᠯᠤᠰ ᠤᠨ ᠠᠷᠠᠯᠵᠢᠶ᠎ᠠ ᠵᠡᠷᠭᠡ ᠪᠣᠯᠤᠨ᠎ᠠ᠃ ᠲᠦᠷᠦᠭᠦᠤ ᠬᠠᠭᠠᠰ ᠵᠢᠯ ᠳᠤ᠂ ᠭᠠᠳᠠᠭᠠᠳᠤ ᠳᠠᠬᠢ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ 5.49 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.66 ᠳᠠᠬᠢᠨ ᠨᠡᠮᠡᠭᠳᠡᠨ᠂ ᠪᠥᠬᠦ ᠤᠯᠤᠰ ᠤᠨ 16 ᠳ᠋ᠤᠭᠠᠷ ᠲᠤ ᠣᠷᠣᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 9 ᠳ᠋ᠤᠭᠠᠷ ᠲᠤ ᠣᠷᠣᠵᠠᠶ᠃     ᠲᠠᠪᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ     ᠲᠦᠷᠦᠭᠦᠤ ᠬᠠᠭᠠᠰ ᠵᠢᠯ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1970.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.1% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1654.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.6% ᠪᠠᠷ ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 315.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.2% ᠢᠶᠠᠷ ᠪᠠᠭᠤᠷᠠᠪᠠ᠃  ᠥᠪᠥᠷ ᠮᠣᠩᠭᠤᠯ ᠤᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1238.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.8% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1056.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.1% ᠪᠠᠷ ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 182.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.9% ᠪᠠᠷ ᠪᠠᠭᠤᠷᠠᠪᠠ᠃ ᠣᠷᠣᠰ ᠤᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 731.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.0% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 598.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.3% ᠪᠠᠷ ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 133.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.9% ᠪᠠᠷ ᠪᠠᠭᠤᠷᠠᠪᠠ᠃  ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠵᠠᠮ ᠬᠠᠷᠢᠯᠴᠠᠭᠠᠨ ᠤ ᠪᠠᠭᠠᠵᠢ 17.8 ᠲᠦᠮᠡᠨ ᠨᠢᠰᠬᠡᠯ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 33.8% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠵᠤ ᠢᠷᠡᠬᠦ ᠵᠠᠮ ᠬᠠᠷᠢᠯᠴᠠᠭᠠᠨ ᠤ ᠪᠠᠭᠠᠵᠢ 8.5 ᠲᠦᠮᠡᠨ ᠨᠢᠰᠬᠡᠯ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 34.5% ᠪᠠᠷ ᠪᠠᠭᠤᠷᠠᠪᠠ︔ ᠬᠢᠯᠢ ᠠᠴᠠ ᠭᠠᠷᠬᠤ ᠵᠠᠮ ᠬᠠᠷᠢᠯᠴᠠᠭᠠᠨ ᠤ ᠪᠠᠭᠠᠵᠢ 9.3 ᠲᠦᠮᠡᠨ ᠴᠤᠪᠤᠭ᠎ᠠ ᠲᠡᠷᠭᠡᠨ ᠤ ᠡᠭᠡᠯᠵᠢ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 33.1% ᠪᠠᠷ ᠪᠠᠭᠤᠷᠠᠪᠠ᠃  ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 19.8 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.5% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠵᠤ ᠢᠷᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 9.9 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.7% ᠪᠠᠷ ᠪᠠᠭᠤᠷᠠᠪᠠ︔ ᠬᠢᠯᠢ ᠠᠴᠠ ᠭᠠᠷᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 9.9 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.2% ᠢᠶᠠᠷ ᠪᠠᠭᠤᠷᠠᠪᠠ᠃ 
         
        ᠢᠷᠡᠯᠲᠡ᠄ ᠲᠥᠯᠥᠪᠵᠢᠭᠦᠯᠭᠡ ᠶᠢᠨ ᠡᠳ᠋ ᠤᠨ ᠶᠠᠪᠤᠳᠠᠯ ᠤᠨ ᠭᠠᠵᠠᠷ
         
        2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号