内蒙古自治区商务厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠨ ᠤ ᠳᠡᠯᠭᠡᠭᠦᠷ  ᠤᠨ ᠠᠩᠬ᠎ᠠ ᠲᠠᠷᠬᠠᠭᠠᠬᠤ ᠠᠵᠤ ᠠᠬᠤᠶ ᠶᠢ ᠦᠨᠡᠯᠡᠨ ᠲᠣᠭᠲᠠᠭᠠᠬᠤ ᠠᠷᠭ᠎ᠠ︾  ᠶᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
        ᠨᠡᠶᠢᠲᠡᠯᠡᠭᠰᠡᠨ ᠴᠠᠭ᠄
        2022/9/5
            ᠤᠯᠤᠰ ᠤᠨ ᠪᠠᠶᠢᠩᠭᠤ ᠶᠢᠨ ᠬᠤᠷᠢᠶᠠᠨ ᠤ ᠪᠠᠶᠢᠷᠢᠯᠠᠭᠤᠯᠤᠭᠰᠠᠨ ᠠᠵᠤ ᠠᠬᠤᠶ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ᠬᠡᠷᠡᠭᠯᠡᠭᠡ ᠶᠢᠨ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ ᠶᠢ ᠬᠦᠴᠦᠯᠡᠨ ᠠᠬᠢᠭᠤᠯᠵᠤ᠂ ᠬᠡᠷᠡᠭᠯᠡᠭᠡᠨ ᠤ ᠳᠡᠰ ᠳᠡᠪᠰᠢᠬᠦ ᠰᠢᠨ᠎ᠡ ᠪᠠᠷᠢᠮᠵᠢᠶ᠎ᠠ ᠶᠢ ᠡᠭᠦᠳᠴᠦ᠂ ︽ᠠᠩᠬᠠᠨ ᠤ ᠳᠡᠯᠭᠡᠭᠦᠷ ᠤᠨ ᠠᠩᠬ᠎ᠠ ᠲᠠᠷᠬᠠᠭᠠᠬᠤ ᠠᠵᠤ ᠠᠬᠤᠶ ᠶᠢ ᠶᠡᠬᠡᠪᠡᠷ ᠬᠥᠭᠵᠢᠭᠦᠯᠵᠦ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 33 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠪᠣᠯᠤᠨ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠨ ᠤ ᠳᠡᠯᠭᠡᠭᠦᠷ ᠤᠨ ᠠᠩᠬ᠎ᠠ ᠲᠠᠷᠬᠠᠭᠠᠬᠤ ᠠᠵᠤ ᠠᠬᠤᠶ ᠶᠢᠨ ᠦᠨᠡᠯᠡᠨ ᠲᠣᠭᠲᠠᠭᠠᠬᠤ ᠠᠷᠭ᠎ᠠ︾ ︵ᠳᠣᠷᠣᠭᠰᠢ ︽ᠦᠨᠡᠯᠡᠨ ᠲᠣᠭᠲᠠᠭᠠᠬᠤ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ︽ᠦᠨᠡᠯᠡᠨ ᠲᠣᠭᠲᠠᠭᠠᠬᠤ ᠠᠷᠭ᠎ᠠ︾ ᠶᠢᠨ ᠬᠠᠮᠢᠶ᠎ᠠ ᠪᠥᠬᠦᠶ ᠠᠭᠤᠯᠭ᠎ᠠ ᠶᠢ ᠨᠡᠶᠢᠭᠡᠮ ᠨᠡᠶᠢᠲᠡ ᠪᠠᠷ ᠢᠶᠠᠨ ᠥᠷᠭᠡᠨ ᠢᠶᠠᠷ ᠣᠶᠢᠯᠠᠭᠠᠬᠤ ᠪᠠ ᠪᠥᠬᠦ ᠲᠠᠯ᠎ᠠ ᠪᠠᠷ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠠ᠃    ᠨᠢᠭᠡ᠂ ᠨᠣᠣᠷᠠᠭᠯᠠᠭᠰᠠᠨ ᠠᠬᠤᠶ ᠪᠠᠶᠢᠳᠠᠯ    ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠲᠥᠷᠥᠯ ᠲᠡᠮᠳᠡᠭ ᠢ ᠲᠦᠷᠭᠡᠨ ᠤᠷᠤᠭᠤᠯᠤᠨ ᠠᠪᠴᠢᠷᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠨ ᠤ ᠳᠡᠯᠭᠡᠭᠦᠷ ᠤᠨ ᠠᠩᠬ᠎ᠠ ᠲᠠᠷᠬᠠᠭᠠᠬᠤ ᠠᠵᠤ ᠠᠬᠤᠶ ᠶᠢᠨ ᠦᠢᠯᠡᠳᠦᠯ ᠢᠶᠠᠷ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ︽ᠠᠩᠬᠠᠨ ᠤ ᠳᠡᠯᠭᠡᠭᠦᠷ ᠤᠨ ᠠᠩᠬ᠎ᠠ ᠲᠠᠷᠬᠠᠭᠠᠬᠤ ᠠᠵᠤ ᠠᠬᠤᠶ ᠶᠢ ᠶᠡᠬᠡᠪᠡᠷ ᠬᠥᠭᠵᠢᠭᠦᠯᠵᠦ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 33 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠨ ᠤ ᠳᠡᠯᠭᠡᠭᠦᠷ ᠤᠨ ᠠᠩᠬ᠎ᠠ ᠲᠠᠷᠬᠠᠭᠠᠬᠤ ᠠᠵᠤ ᠠᠬᠤᠶ ᠶᠢ ᠦᠨᠡᠯᠡᠨ ᠲᠣᠭᠲᠠᠭᠠᠬᠤ ᠠᠷᠭ᠎ᠠ︾ ᠶᠢᠲᠣᠭᠲᠠᠭᠠᠪᠠ᠃    ᠬᠤᠶᠠᠷ᠂ ᠦᠨᠳᠦᠰᠦᠨ ᠪᠦᠳᠦᠴᠡ ᠬᠢᠭᠡᠳ ᠠᠭᠤᠯᠭ᠎ᠠ    ︽ᠦᠨᠡᠯᠡᠨ ᠲᠣᠭᠲᠠᠭᠠᠬᠤ ᠠᠷᠭ᠎ᠠ︾ ᠳᠤ ᠶᠡᠷᠦᠩᠬᠡᠶ ᠲᠦᠷᠢᠮ᠂ ᠦᠨᠡᠯᠡᠨ ᠲᠣᠭᠲᠠᠭᠠᠬᠤ ᠨᠥᠬᠦᠴᠡᠯ᠂ ᠮᠡᠳᠡᠭᠦᠯᠬᠦ ᠮᠠᠲ᠋ᠧᠷᠢᠶᠠᠯ᠂ ᠮᠡᠳᠡᠭᠦᠯᠬᠦ ᠪᠠ ᠦᠨᠡᠯᠡᠨ ᠲᠣᠭᠲᠠᠭᠠᠬᠤ ᠵᠢᠷᠤᠮ᠂ ᠳᠠᠭᠠᠯᠳᠤᠭᠤᠯᠤᠭᠰᠠᠨ ᠲᠦᠷᠢᠮ ᠵᠡᠷᠭᠡ 5 ᠪᠦᠯᠦᠭ ᠲᠠᠢ᠃ ︽ᠦᠨᠡᠯᠡᠨ ᠲᠣᠭᠲᠠᠭᠠᠬᠤ ᠠᠷᠭ᠎ᠠ︾ ᠳᠤ᠂ ᠠᠩᠬᠠᠨ ᠤ ᠳᠡᠯᠭᠡᠭᠦᠷ ᠤᠨ ᠠᠩᠬ᠎ᠠ ᠲᠠᠷᠬᠠᠭᠠᠬᠤ ᠭᠤᠶᠤᠴᠢᠯᠠᠨ ᠮᠡᠳᠡᠭᠦᠯᠬᠦ ᠪᠠ ᠦᠨᠡᠯᠡᠨ ᠲᠣᠭᠲᠠᠭᠠᠬᠤ ᠲᠠᠰ ᠳᠠᠷᠠᠭᠠᠯᠠᠯ ᠢ ᠵᠣᠬᠢᠶᠠᠨ ᠪᠠᠶᠢᠭᠤᠯᠬᠤ᠂ ᠭᠤᠶᠤᠴᠢᠯᠠᠨ ᠮᠡᠳᠡᠭᠦᠯᠬᠦ᠂ ᠬᠢᠨᠠᠨ ᠲᠣᠭᠲᠠᠭᠠᠬᠤ᠂ ᠢᠯᠡ ᠨᠡᠶᠢᠲᠡᠯᠡᠬᠦ᠂ ᠦᠨᠡᠯᠡᠨ ᠲᠣᠭᠲᠠᠭᠠᠬᠤ ᠵᠡᠷᠭᠡ 5 ᠠᠯᠬᠤᠮ ᠢᠶᠠᠷ ᠬᠤᠪᠢᠶᠠᠨ᠎ᠠ ᠭᠡᠵᠦ ᠲᠣᠳᠣᠷᠬᠠᠶ ᠲᠣᠭᠲᠠᠭᠠᠵᠠᠶ᠃ ᠠᠩᠬᠠᠨ ᠤ ᠳᠡᠯᠭᠡᠭᠦᠷ ᠨᠡᠭᠡᠭᠡᠭᠰᠡᠨ ᠲᠠᠯ᠎ᠠ᠂ ᠠᠩᠬᠠᠨ ᠤ ᠳᠡᠯᠭᠡᠭᠦᠷ ᠢ ᠣᠷᠣᠭᠤᠯᠤᠭᠰᠠᠨ ᠲᠠᠯ᠎ᠠ᠂ ᠠᠩᠬᠠᠨ ᠤ ᠲᠠᠷᠬᠠᠭᠠᠬᠤ ᠠᠵᠢᠯᠯᠠᠭ᠎ᠠ ᠶᠢᠨ ᠶᠣᠰᠣᠭᠠᠷ ᠮᠡᠳᠡᠭᠦᠯᠬᠦ ᠭᠤᠣᠯ ᠴᠣᠭᠴᠠ ᠶᠢᠨ ᠦᠨᠡᠯᠡᠨ ᠲᠣᠭᠲᠠᠭᠠᠬᠤ ᠨᠥᠬᠦᠴᠡᠯ ᠪᠠ ᠮᠡᠳᠡᠭᠦᠯᠬᠦ ᠮᠠᠲ᠋ᠧᠷᠢᠶᠠᠯ ᠳᠤ ᠲᠤᠰ ᠲᠤᠰ ᠪᠣᠳᠠᠲᠠᠶ ᠱᠠᠭᠠᠷᠳᠠᠯᠭ᠎ᠠ ᠳᠤᠷᠠᠳᠴᠤ᠂ ᠠᠵᠢᠯ ᠡᠬᠢᠯᠡᠭᠦᠯᠦᠭᠰᠡᠨ ᠪᠠᠶᠢᠳᠠᠯ᠂ ᠨᠠᠷᠠᠲᠤ ᠲᠥᠷᠥᠯ ᠲᠡᠮᠳᠡᠭᠲᠦ ᠶᠢᠨ ᠲᠡᠷᠢᠭᠦᠨ ᠤ ᠴᠢᠨᠠᠷ᠂ ᠳᠡᠯᠭᠡᠭᠦᠷ ᠤᠨ ᠣᠷᠴᠢᠨ ᠲᠣᠭᠤᠷᠢᠨ᠂ ᠡᠵᠡᠩᠨᠡᠯᠲᠡ ᠶᠢᠨ ᠦᠷ᠎ᠡ ᠪᠦᠲᠦᠮᠵᠢ ᠵᠡᠷᠭᠡ 4 ᠨᠢᠭᠡᠳᠦᠭᠡᠷ ᠳᠡᠰ ᠤᠨ ᠬᠦᠢᠴᠡᠳᠬᠡᠯ ᠲᠤᠭ᠎ᠠ ᠪᠠ ᠠᠩᠬᠠᠨ ᠤ ᠳᠡᠯᠭᠡᠭᠦᠷ ᠤᠨ ᠲᠥᠷᠥᠯ ᠬᠤᠪᠢᠶᠠᠭᠰᠠᠨ᠂ ᠨᠠᠷᠠᠲᠤ ᠲᠥᠷᠥᠯ ᠲᠡᠮᠳᠡᠭᠲᠦ ᠶᠢᠨ ᠪᠠᠷᠢᠮᠵᠢᠶᠠᠵᠢᠭᠤᠯᠤᠯᠲᠠ᠂ ᠨᠠᠷᠠᠲᠤ ᠲᠥᠷᠥᠯ ᠲᠡᠮᠳᠡᠭᠲᠦ ᠶᠢ ᠬᠤᠷᠠᠮᠳᠤᠭᠤᠯᠤᠭᠰᠠᠨ ᠴᠠᠭ᠂ ᠨᠠᠷᠠᠲᠤ ᠲᠥᠷᠥᠯ ᠲᠡᠮᠳᠡᠭᠲᠦ ᠶᠢᠨ ᠰᠢᠨ᠎ᠡ ᠶᠢ ᠡᠭᠦᠳᠬᠦ ᠴᠢᠳᠠᠪᠤᠷᠢ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ᠂ ᠳᠡᠯᠭᠡᠭᠦᠷ ᠤᠨ ᠣᠷᠴᠢᠨ ᠲᠣᠭᠤᠷᠢᠨ ᠢ ᠵᠣᠬᠢᠴᠠᠭᠤᠯᠬᠤ ᠬᠡᠮᠵᠢᠶ᠎ᠡ᠂ ᠳᠡᠯᠭᠡᠭᠦᠷ ᠤᠨ ᠨᠠᠷᠠᠲᠤ ᠲᠥᠷᠥᠯ ᠲᠡᠮᠳᠡᠭᠲᠦ ᠶᠢᠨ ᠲᠡᠮᠳᠡᠭ᠂ ᠪᠣᠷᠣᠯᠠᠭᠤᠯᠭ᠎ᠠ ᠶᠢᠨ ᠲᠤᠭ᠎ᠠ᠂ ᠦᠢᠯᠡᠳᠬᠦᠨ ᠤ ᠦᠢᠯᠡᠴᠢᠯᠡᠭᠡᠨ ᠤ ᠶᠠᠰᠤ ᠴᠢᠨᠠᠷ᠂ ᠵᠤᠴᠢᠳ ᠤᠨ ᠲᠤᠭ᠎ᠠ ᠬᠡᠮᠵᠢᠶ᠎ᠡ ᠵᠡᠷᠭᠡ 10 ᠬᠤᠶᠠᠳᠤᠭᠠᠷ ᠳᠡᠰ ᠤᠨ ᠬᠦᠢᠴᠡᠳᠬᠡᠯ ᠲᠤᠭ᠎ᠠ ᠠᠴᠠ ᠠᠩᠬᠠᠨ ᠤ ᠳᠡᠯᠭᠡᠭᠦᠷ ᠤᠨ ᠦᠨᠡᠯᠡᠯᠲᠡ ᠶᠢᠨ ᠰᠢᠰᠲ᠋ᠧᠮᠵᠢ ᠶᠢ ᠨᠠᠷᠢᠯᠢᠭᠵᠢᠭᠤᠯᠪᠠ᠃ ᠨᠠᠷᠠᠲᠤ ᠲᠥᠷᠥᠯ ᠲᠡᠮᠳᠡᠭᠲᠦ ᠶᠢᠨ ᠲᠡᠷᠢᠭᠦᠨ ᠤ ᠴᠢᠨᠠᠷ᠂ ᠰᠢᠨ᠎ᠡ ᠪᠦᠲᠦᠭᠡᠭᠳᠡᠬᠦᠨ ᠤ ᠶᠠᠰᠤ ᠴᠢᠨᠠᠷ᠂ ᠠᠵᠢᠯᠯᠠᠭᠠᠨ ᠤ ᠨᠥᠯᠥᠭᠡᠯᠡᠬᠦ ᠬᠦᠴᠦᠨ ᠵᠡᠷᠭᠡ 3 ᠨᠢᠭᠡᠳᠦᠭᠡᠷ ᠳᠡᠰ ᠤᠨ ᠬᠦᠢᠴᠡᠳᠬᠡᠯ ᠲᠤᠭ᠎ᠠ ᠪᠠ ᠨᠠᠷᠠᠲᠤ ᠲᠥᠷᠥᠯ ᠲᠡᠮᠳᠡᠭᠲᠦ ᠶᠢᠨ ᠪᠠᠷᠢᠮᠵᠢᠶᠠᠵᠢᠭᠤᠯᠤᠯᠲᠠ᠂ ᠨᠠᠷᠠᠲᠤ ᠲᠥᠷᠥᠯ ᠲᠡᠮᠳᠡᠭᠲᠦ ᠶᠢᠨ ᠰᠢᠨ᠎ᠡ ᠶᠢ ᠡᠭᠦᠳᠬᠦ ᠴᠢᠳᠠᠪᠤᠷᠢ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ᠂ ᠰᠢᠨ᠎ᠡ ᠪᠦᠲᠦᠭᠡᠭᠳᠡᠬᠦᠨ ᠤ ᠠᠩᠬ᠎ᠠ ᠲᠠᠷᠬᠠᠭᠠᠯᠲᠠ᠂ ᠰᠢᠨ᠎ᠡ ᠪᠦᠲᠦᠭᠡᠭᠳᠡᠬᠦᠨ ᠤ ᠪᠤᠶᠢᠵᠢᠯᠲᠠ ᠶᠢᠨ ᠴᠢᠨᠠᠷ᠂ ᠰᠢᠨ᠎ᠡ ᠪᠦᠲᠦᠭᠡᠭᠳᠡᠬᠦᠨ ᠤ ᠶᠠᠰᠤ ᠴᠢᠨᠠᠷ᠂ ᠵᠠᠭᠤᠴᠢᠯᠠᠭᠤᠷ ᠤᠨ ᠢᠯᠡᠴᠢᠯᠡᠭᠰᠡᠨ ᠬᠡᠮᠵᠢᠶ᠎ᠡ᠂ ᠣᠯᠠᠨ ᠨᠡᠶᠢᠲᠡ ᠶᠢᠨ ᠤᠩᠰᠢᠭᠰᠠᠨ ᠬᠡᠮᠵᠢᠶ᠎ᠡ ᠵᠡᠷᠭᠡ 8 ᠬᠤᠶᠠᠳᠤᠭᠠᠷ ᠳᠡᠰ ᠤᠨ ᠬᠦᠢᠴᠡᠳᠬᠡᠯ ᠲᠤᠭ᠎ᠠ ᠠᠴᠠ ᠠᠩᠬ᠎ᠠ ᠲᠠᠷᠬᠠᠭᠠᠯᠲᠠ ᠶᠢᠨ ᠦᠨᠡᠯᠡᠯᠲᠡ ᠶᠢᠨ ᠰᠢᠰᠲ᠋ᠧᠮᠵᠢ ᠶᠢ ᠨᠠᠷᠢᠯᠢᠭᠵᠢᠭᠤᠯᠪᠠ᠃    ᠭᠤᠷᠪᠠ᠂ ᠮᠡᠳᠡᠭᠦᠯᠬᠦ ᠨᠥᠬᠦᠴᠡᠯ    ᠠᠩᠬᠠᠨ ᠤ ᠳᠡᠯᠭᠡᠭᠦᠷ ᠤᠨ ᠠᠩᠬ᠎ᠠ ᠲᠠᠷᠬᠠᠭᠠᠬᠤ ᠶᠢ ᠦᠨᠡᠯᠡᠨ ᠲᠣᠭᠲᠠᠭᠠᠬᠤ ᠪᠠᠷ ᠮᠡᠳᠡᠭᠦᠯᠬᠦ ᠨᠥᠬᠦᠴᠡᠯ ᠢ ᠦᠨᠳᠦᠰᠦᠨ ᠨᠥᠬᠦᠴᠡᠯ ᠪᠠ ᠲᠥᠷᠥᠯ ᠬᠤᠪᠢᠶᠠᠬᠤ ᠨᠥᠬᠦᠴᠡᠯ ᠭᠡᠵᠦ ᠬᠤᠪᠢᠶᠠᠨ᠎ᠠ᠂ ᠮᠡᠳᠡᠭᠦᠯᠬᠦ ᠪᠣᠶ ᠪᠥᠬᠦᠶ ᠭᠤᠤᠯ ᠴᠣᠭᠴᠠ ᠨᠢ ᠮᠡᠳᠡᠭᠦᠯᠬᠦ ᠦᠨᠳᠦᠰᠦᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠂ ᠪᠣᠳᠠᠲᠠᠶ ᠪᠠᠷ ᠬᠡᠯᠡᠪᠡᠯ ᠳᠣᠤᠷᠠᠬᠢ ᠮᠡᠲᠦ᠄    ᠮᠡᠳᠡᠭᠦᠯᠬᠦ ᠭᠤᠤᠯ ᠴᠣᠭᠴᠠ ᠶᠢᠨ ᠡᠵᠡᠩᠨᠡᠯᠲᠡ᠂ ᠦᠢᠯᠡᠴᠢᠯᠡᠭᠡ᠂ ᠬᠠᠮᠢᠶᠠᠷᠤᠯᠲᠠ ᠶᠢᠨ ᠬᠡᠪᠴᠢᠶ᠎ᠡ ᠶᠢ ᠵᠢᠵᠢᠭᠯᠡᠨ ᠬᠤᠳᠠᠯᠳᠤᠬᠤ᠂ ᠬᠤᠭᠤᠯᠠ ᠤᠮᠳᠠ ᠪᠠᠭᠤᠳᠠᠯ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ᠂ ᠠᠮᠢᠳᠤᠷᠠᠯ ᠤᠨ ᠦᠢᠯᠡᠴᠢᠯᠡᠭᠡᠨ ᠤ ᠦᠢᠯᠡᠰ ᠢᠶᠠᠷ ᠭᠤᠤᠯ ᠪᠣᠯᠭᠠᠨ᠎ᠠ︔ ᠮᠡᠳᠡᠭᠦᠯᠬᠦ ᠭᠤᠤᠯ ᠴᠣᠭᠴᠠ ᠶᠢᠨ ᠡᠵᠡᠩᠨᠡᠯᠲᠡ ᠶᠢᠨ ᠪᠠᠶᠢᠳᠠᠯ ᠨᠢ ᠰᠠᠶᠢᠨ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠨᠢ ᠪᠦᠷᠢᠨ ᠲᠡᠭᠦᠯᠳᠡᠷ᠂ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠪᠣᠷᠣᠯᠠᠭᠤᠯᠭ᠎ᠠ ᠶᠢᠨ ᠳᠠᠷᠠᠭᠠᠬᠢ ᠦᠢᠯᠡᠴᠢᠯᠡᠭᠡᠨ ᠤ ᠵᠣᠬᠢᠴᠠᠩᠭᠤᠶ ᠰᠢᠰᠲ᠋ᠧᠮᠵᠢ ᠲᠠᠢ ᠪᠠᠶᠢᠵᠤ᠂ ᠬᠡᠷᠡᠭᠯᠡᠭᠴᠢᠳ ᠲᠤ ᠠᠮᠠᠯᠠᠭᠰᠠᠨ ᠠᠮᠠᠯᠠᠯᠲᠠ ᠪᠠᠨ ᠬᠦᠢᠴᠡᠳᠬᠡᠵᠤ᠂ ᠠᠶᠤᠯ ᠦᠭᠡᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ᠂ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠨᠡᠷᠡᠰ᠂ ᠡᠵᠡᠩᠨᠡᠯᠲᠡ ᠬᠡᠪ ᠤᠨ ᠪᠤᠰᠤ ᠶᠢᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠪᠠ ᠤᠢᠢᠷ᠎ᠠ ᠶᠢᠨ 3 ᠵᠢᠯ ᠤᠨ ᠳᠣᠲᠣᠷ᠎ᠠ ᠦᠢᠯᠡᠳᠬᠦᠨ ᠤ ᠶᠠᠰᠤ ᠴᠢᠨᠠᠷ ᠤᠨ ᠠᠰᠠᠭᠤᠳᠠᠯ ᠣᠷᠣᠰᠢᠵᠤ ᠪᠠᠶᠢᠬᠤ ᠵᠡᠷᠭᠡ ᠦᠨᠡᠨᠴᠢ ᠢᠲᠡᠭᠡᠮᠵᠢᠲᠡᠢ ᠠᠴᠠ ᠵᠥᠷᠢᠴᠡᠨ ᠬᠤᠳᠠᠯᠳᠤᠭ᠎ᠠ ᠡᠷᠬᠢᠯᠡᠭᠰᠡᠨ ᠪᠠᠶᠢᠳᠠᠯ ᠢ ᠳᠡᠮᠵᠢᠬᠦ ᠦᠭᠡᠢ᠃    ᠠᠩᠬ᠎ᠠ ᠳᠡᠯᠭᠡᠭᠦᠷ ᠨᠡᠭᠡᠭᠡᠭᠰᠡᠨ ᠲᠠᠯ᠎ᠠ᠂ ᠠᠩᠬ᠎ᠠ ᠲᠠᠷᠬᠠᠭᠠᠬᠤ ᠠᠵᠢᠯᠯᠠᠭ᠎ᠠ᠂ ᠠᠩᠬ᠎ᠠ ᠳᠡᠯᠭᠡᠭᠦᠷ ᠣᠷᠣᠭᠤᠯᠤᠭᠰᠠᠨ ᠲᠠᠯ᠎ᠠ ᠨᠢ ᠮᠡᠳᠡᠭᠦᠯᠬᠦ ᠦᠨᠳᠦᠰᠦᠨ ᠨᠥᠬᠦᠴᠡᠯ ᠳᠤ ᠨᠡᠶᠢᠴᠡᠭᠰᠡᠨ ᠰᠠᠭᠤᠷᠢᠨ ᠳᠡᠭᠡᠷ᠎ᠡ᠂ ᠮᠡᠳᠡᠭᠦᠯᠬᠦ ᠲᠥᠷᠥᠯ ᠬᠡᠯᠪᠡᠷᠢ ᠳᠤ ᠵᠢᠭᠰᠠᠭᠠᠭᠰᠠᠨ ᠨᠥᠬᠦᠴᠡᠯ ᠳᠤ ᠲᠣᠰ ᠲᠣᠰ ᠨᠡᠶᠢᠴᠡᠭᠰᠡᠨ ᠪᠠᠶᠢᠬᠤ ᠬᠡᠷᠡᠭᠲᠡᠶ᠃    ᠠᠩᠬᠠᠨ ᠤ ᠳᠡᠯᠭᠡᠭᠦᠷ ᠨᠡᠭᠡᠭᠡᠭᠰᠡᠨ ᠲᠠᠯ᠎ᠠ ᠨᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠪᠦᠷᠢᠳᠬᠡᠨ ᠳᠠᠩᠰᠠᠯᠠᠭᠤᠯᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠰᠢᠨᠵᠢ ᠴᠢᠨᠠᠷ ᠲᠠᠢ ᠪᠤᠶᠤ ᠪᠡᠶ᠎ᠡ ᠪᠠᠨ ᠳᠠᠭᠠᠭᠠᠭᠰᠠᠨ ᠪᠤᠰᠤ ᠬᠠᠤᠯᠢ ᠶᠢᠨ ᠡᠷᠬᠡᠲᠡᠨ ᠤ ᠰᠢᠨᠵᠢ ᠴᠢᠨᠠᠷ ᠲᠠᠢ ᠨᠠᠷᠠᠲᠤ ᠲᠥᠷᠥᠯ ᠲᠡᠮᠳᠡᠭᠲᠦ ᠶᠢᠨ ᠠᠩᠬᠠᠨ ᠤ ᠳᠡᠯᠭᠡᠭᠦᠷ᠂ ᠦᠯᠢᠭᠡᠷ ᠳᠡᠯᠭᠡᠭᠦᠷ︔ ᠮᠡᠳᠡᠭᠦᠯᠬᠦ ᠡᠳᠦᠷ ᠪᠣᠯᠲᠠᠯ᠎ᠠ ᠦᠷᠭᠦᠯᠵᠢᠯᠡᠨ ᠪᠦᠬᠦᠯᠢ 6 ᠰᠠᠷ᠎ᠠ ᠡᠵᠡᠩᠨᠡᠵᠦ᠂ 2 ᠵᠢᠯ ︵ᠪᠠᠭᠲᠠᠨ᠎ᠠ︶ ᠠᠴᠠ ᠳᠡᠭᠡᠭᠰᠢ ᠣᠷᠣᠵᠤ ᠰᠠᠭᠤᠬᠤ ︵ᠲᠦᠷᠢᠶᠡᠰᠦᠯᠡᠬᠦ︶ ᠤᠨ ᠵᠥᠪᠯᠡᠯᠴᠡᠭᠡᠷ ᠲᠣᠭᠲᠠᠬᠤ ᠪᠤᠶᠤ ᠥᠪᠡᠷ ᠢᠶᠠᠨ ᠠᠳᠠᠯ ᠠᠬᠤᠶ ᠶᠢᠨ ᠭᠠᠵᠠᠷ ᠡᠵᠡᠮᠰᠢᠵᠦ᠂ ᠨᠠᠷᠠᠲᠤ ᠲᠥᠷᠥᠯ ᠲᠡᠮᠳᠡᠭᠲᠦ ᠶᠢᠨ ᠠᠩᠬᠠᠨ ᠤ ᠳᠡᠯᠭᠡᠭᠦᠷ ᠢ 2022 ᠣᠨ ᠤ 1 ᠰᠠᠷ᠎ᠠ ᠶᠢᠨ 1 ᠤ ᠡᠳᠦᠷ ᠠᠴᠠ ᠰᠡᠭᠦᠯᠡᠷ ᠪᠦᠷᠢᠳᠬᠡᠨ ᠳᠠᠩᠰᠠᠯᠠᠭᠤᠯᠵᠤ᠂ ᠨᠠᠷᠠᠲᠤ ᠲᠥᠷᠥᠯ ᠲᠡᠮᠳᠡᠭᠲᠦ ᠨᠢ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠳᠤ ᠠᠵᠢᠯ ᠡᠬᠢᠯᠡᠭᠦᠯᠵᠦ᠂ ᠦᠯᠢᠭᠡᠷ ᠳᠡᠯᠭᠡᠭᠦᠷ 2022 ᠣᠨ ᠤ 1 ᠰᠠᠷ᠎ᠠ ᠶᠢᠨ 1 ᠤ ᠡᠳᠦᠷ ᠠᠴᠠ ᠰᠡᠭᠦᠯᠡᠷ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠠᠵᠢᠯ ᠡᠬᠢᠯᠡᠭᠦᠯᠵᠦ᠂ ᠮᠡᠳᠡᠭᠦᠯᠬᠦ ᠭᠤᠤᠯ ᠴᠣᠭᠴᠠ ᠨᠢ ᠲᠠᠸᠠᠷ ᠤᠨ ᠲᠡᠮᠳᠡᠭ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠲᠠᠢ ᠪᠠᠶᠢᠵᠤ᠂ ᠨᠠᠷᠠᠲᠤ ᠲᠥᠷᠥᠯ ᠲᠡᠮᠳᠡᠭᠲᠦ ᠨᠢ ᠨᠢᠭᠡᠨᠲᠡ 3 ᠵᠢᠯ ᠠᠴᠠ ᠳᠡᠭᠡᠭᠰᠢ ᠠᠵᠢᠯᠯᠠᠵᠤ᠂ ᠥᠪᠡᠷᠲᠡᠭᠡᠨ ᠵᠠᠰᠠᠬᠤ ᠣᠷᠣᠨ ᠤ ᠠᠩᠬᠠᠨ ᠤ ᠳᠡᠯᠭᠡᠭᠦᠷ ᠤᠨ ᠦᠨᠡᠯᠡᠬᠦ ᠰᠢᠰᠲ᠋ᠧᠮᠵᠢ ᠶᠢᠨ ᠶᠣᠰᠣᠭᠠᠷ᠂ ᠦᠨᠡᠯᠡᠭᠰᠡᠨ ᠶᠡᠷᠦᠩᠬᠡᠶ ᠬᠤᠪᠢ ᠨᠢ 60 ᠬᠤᠪᠢ ᠠᠴᠠ ᠳᠡᠭᠡᠭᠰᠢ ᠳᠤ ᠬᠦᠷᠴᠤ᠂ ᠭᠠᠭᠴᠠ ᠨᠢᠭᠡ ᠳᠡᠰ ᠤᠨ ᠬᠦᠢᠴᠡᠳᠬᠡᠯ ᠲᠤᠭ᠎ᠠ ᠶᠢᠨ ᠣᠯᠤᠭᠰᠠᠨ ᠬᠤᠪᠢ ᠶᠢ ᠬᠠᠷᠠᠭᠠᠯᠵᠠᠭᠰᠠᠨ ᠬᠤᠪᠢ ᠶᠢᠨ 60% ᠠᠴᠠ ᠳᠠᠪᠠᠭ᠋ᠤ ᠬᠡᠷᠡᠭᠲᠡᠶ᠃    ᠠᠩᠬ᠎ᠠ ᠲᠠᠷᠬᠠᠭᠠᠬᠤ ᠠᠵᠢᠯᠯᠠᠭ᠎ᠠ ᠨᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ ᠠᠵᠢᠯᠯᠠᠭ᠎ᠠ ᠡᠷᠭᠢᠯᠡᠬᠦ ᠴᠠᠭ ᠨᠢ 2022 ᠣᠨ ᠤ 1 ᠰᠠᠷ᠎ᠠ ᠶᠢᠨ 1 ᠤ ᠡᠳᠦᠷ ᠠᠴᠠ ᠰᠡᠭᠦᠯᠡᠷ᠂ ᠠᠵᠢᠯᠯᠠᠭ᠎ᠠ ᠨᠢ ᠨᠥᠯᠥᠭᠡᠯᠡᠬᠦ ᠬᠦᠴᠦᠨ ᠲᠠᠢ︔ ᠠᠵᠢᠯᠯᠠᠭ᠎ᠠ ᠶᠢ ᠡᠷᠭᠢᠯᠡᠭᠰᠡᠨ ᠲᠠᠯ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠰᠢᠨᠵᠢ ᠴᠢᠨᠠᠷ ᠲᠠᠢ ᠠᠵᠤ ᠠᠬᠤᠶᠢᠯᠠᠯ ᠢ ᠪᠦᠷᠢᠳᠬᠡᠨ ᠳᠠᠩᠰᠠᠯᠠᠭᠤᠯᠵᠤ᠂ ᠲᠠᠸᠠᠷ ᠤᠨ ᠲᠡᠮᠳᠡᠭ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠲᠠᠢ᠂ ᠦᠢᠯᠡᠳᠭᠦᠨ ᠤ ᠨᠠᠷᠠᠲᠤ ᠲᠥᠷᠥᠯ ᠲᠡᠮᠳᠡᠭᠲᠦ ᠨᠢ ᠬᠥᠲᠥᠯᠦᠨ ᠳᠠᠭᠠᠭᠤᠯᠬᠤ ᠴᠢᠨᠠᠷᠲᠠᠶ ᠨᠠᠷᠠᠲᠤ ᠲᠥᠷᠥᠯ ᠲᠡᠮᠳᠡᠭᠲᠦ ᠪᠠᠶᠢᠵᠤ᠂ ᠨᠡᠷ᠎ᠡ ᠠᠯᠳᠠᠷ ᠤᠨ ᠬᠡᠮᠵᠢᠶ᠎ᠡ ᠪᠠᠷ ᠥᠨᠳᠥᠷ ᠪᠠᠶᠢᠵᠤ᠂ ᠦᠢᠯᠡᠳᠬᠦᠨ ᠨᠢ ᠨᠢᠭᠡᠨᠲᠡ ᠭᠦᠢᠯᠭᠡᠭᠡᠨ ᠤ ᠨᠥᠬᠦᠴᠡᠯ ᠢ ᠪᠦᠷᠢᠯᠳᠦᠭᠦᠯᠦᠭᠡᠳ ᠤᠳᠠᠯ ᠦᠭᠡᠶ ᠬᠤᠳᠠᠯᠳᠤᠬᠤ ᠭᠡᠵᠦ ᠪᠠᠶᠢᠬᠤ ᠬᠡᠷᠡᠭᠲᠡᠢ ︵ᠰᠢᠨ᠎ᠡ ᠦᠢᠯᠡᠳᠬᠦᠨ ᠢ ᠨᠡᠶᠢᠲᠡᠯᠡᠬᠦ ᠴᠠᠭ ᠨᠢ ᠬᠤᠳᠠᠯᠳᠤᠬᠤ ᠴᠠᠭ ᠠᠴᠠ 3 ᠰᠠᠷ᠎ᠠ ᠠᠴᠠ ᠬᠡᠲᠦᠷᠡᠵᠦ ᠪᠣᠯᠬᠤ ᠦᠭᠡᠶ︶᠃ ᠦᠢᠯᠡᠳᠬᠦᠨ ᠨᠢ ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠠᠳᠠᠯᠢ ᠲᠦᠷᠦᠯ ᠤᠨ ᠵᠠᠬ᠎ᠠ ᠳᠡᠯᠭᠡᠭᠦᠷ ᠲᠤ ᠢᠯᠡᠳᠲᠡ ᠲᠡᠷᠢᠭᠦᠯᠡᠬᠦ ᠴᠢᠨᠠᠷ ᠪᠠ ᠬᠠᠨᠳᠤᠰᠢ ᠶᠢᠨ ᠲᠥᠯᠥᠭᠡᠯᠡᠬᠦ ᠴᠢᠨᠠᠷ ᠲᠠᠢ ᠪᠠᠶᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠩᠬ᠎ᠠ ᠲᠠᠷᠬᠠᠭᠠᠭᠰᠠᠨ ᠦᠨᠡᠯᠡᠯᠲᠡ ᠶᠢᠨ ᠰᠢᠰᠲ᠋ᠧᠮᠵᠢ ᠶᠢᠨ ᠶᠣᠰᠣᠭᠠᠷ᠂ ᠦᠨᠡᠯᠡᠯᠲᠡ ᠶᠢᠨ ᠶᠡᠷᠦᠩᠬᠡᠶ ᠬᠤᠪᠢ ᠨᠢ 60 ᠬᠤᠪᠢ ᠠᠴᠠ ᠳᠡᠭᠡᠭᠰᠢ ᠳᠤ ᠬᠦᠷᠴᠤ᠂ ᠭᠠᠭᠴᠠ ᠨᠢᠭᠡ ᠳᠡᠰ ᠤᠨ ᠬᠦᠢᠴᠡᠳᠬᠡᠯ ᠲᠤᠭ᠎ᠠ ᠶᠢᠨ ᠣᠯᠤᠭᠰᠠᠨ ᠬᠤᠪᠢ ᠨᠢ ᠬᠠᠷᠠᠭᠠᠯᠵᠠᠭᠰᠠᠨ ᠬᠤᠪᠢ ᠶᠢᠨ 60% ᠠᠴᠠ ᠳᠠᠪᠠᠭ᠋ᠤ ᠬᠡᠷᠡᠭᠲᠡᠢ᠃    ᠦᠨᠡᠯᠡᠨ ᠲᠣᠭᠲᠠᠭᠠᠯᠭᠠᠬᠤ ᠪᠠᠷ ᠭᠤᠶᠤᠴᠢᠯᠠᠭᠰᠠᠨ ᠠᠩᠬᠠᠨ ᠤ ᠳᠡᠯᠭᠡᠭᠦᠷ ᠤᠨ ᠤᠷᠤᠭᠤᠯᠤᠭᠰᠠᠨ ᠲᠠᠯ᠎ᠠ ᠨᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠪᠤᠶᠤ ᠬᠠᠤᠯᠢ ᠶᠢᠨ ᠡᠷᠬᠡᠲᠡᠨ ᠤ ᠪᠤᠰᠤ ᠠᠵᠤ ᠠᠬᠤᠶᠢᠯᠠᠯ ᠪᠠᠶᠢᠬᠤ ᠬᠡᠷᠡᠭᠲᠡᠶ᠃    ᠳᠥᠷᠪᠡ᠂ ᠮᠡᠳᠡᠭᠦᠯᠬᠦ ᠲᠠᠰ ᠳᠠᠷᠠᠭᠠᠯᠠᠯ    ︵ᠨᠢᠭᠡ︶ ᠵᠣᠬᠢᠶᠠᠨ ᠪᠠᠶᠢᠭᠤᠯᠬᠤ    2022 ᠣᠨ ᠪᠠ 2023 ᠣᠨ ᠤ ᠳᠣᠣᠷ᠎ᠠ ᠬᠠᠭᠠᠰ ᠵᠢᠯ ᠳᠤ ᠠᠩᠬᠠᠨ ᠤ ᠳᠡᠯᠭᠡᠭᠦᠷ ᠤᠨ ᠠᠩᠬ᠎ᠠ ᠲᠠᠷᠬᠠᠭᠠᠯᠲᠠ ᠶᠢ ᠦᠨᠡᠯᠡᠨ ᠲᠣᠭᠲᠠᠭᠠᠬᠤ ᠠᠵᠢᠯ ᠢ ᠲᠤᠰ ᠲᠤᠰ ᠨᠢᠭᠡ ᠤᠳᠠᠭ᠎ᠠ ᠵᠣᠬᠢᠶᠠᠨ ᠪᠠᠶᠢᠭᠤᠯᠤᠨ᠎ᠠ᠃    ︵ᠬᠤᠶᠠᠷ︶ ᠮᠡᠳᠡᠭᠦᠯᠬᠦ    ᠮᠡᠳᠡᠭᠦᠯᠬᠦ ᠪᠡᠶᠡᠴᠢ ᠴᠣᠭᠴᠠ ᠶᠢᠨ ᠮᠡᠳᠡᠭᠦᠯᠬᠦ ᠮᠠᠲ᠋ᠧᠷᠢᠶᠠᠯ ᠨᠢ ᠨᠢᠭᠡ ᠬᠡᠯᠪᠡᠷᠢ ᠶᠢᠨ 3 ᠬᠤᠪᠢ ᠶᠢ ᠲᠠᠭᠯᠠᠨ ᠳᠡᠰ ᠳᠠᠷᠠᠭᠠᠯᠠᠯ ᠢᠶᠠᠷ ᠨᠢ ᠳᠡᠪᠲᠡᠷᠯᠡᠵᠦ᠂ ᠮᠡᠳᠡᠭᠦᠯᠬᠦ ᠨᠢᠭᠡᠴᠢ ᠶᠢᠨ ᠲᠠᠮᠠᠭ᠎ᠠ ︵ᠮᠡᠳᠡᠭᠦᠯᠦᠯᠲᠡ ᠶᠢᠨ ᠮᠠᠲ᠋ᠧᠷᠢᠶᠠᠯ ᠢ ᠰᠢᠷᠪᠢᠵᠦ PDF ᠡᠯᠧᠺᠲᠷᠣᠨ ᠬᠡᠪᠯᠡᠯ ᠢ ᠬᠠᠮᠲᠤ ᠳᠤ ᠨᠢ ᠲᠤᠰᠢᠶᠠᠬᠤ ᠬᠡᠷᠡᠭᠲᠡᠢ︶ ᠶᠢ ᠳᠠᠷᠤᠵᠤ᠂ ᠪᠠᠶᠢᠭ᠎ᠠ ᠠᠶᠢᠮᠠᠭ ᠬᠤᠳᠠ ᠶᠢᠨ ᠬᠤᠳᠠᠯᠳᠤᠭᠠᠨ ᠤ ᠶᠠᠪᠤᠳᠠᠯ᠂ ᠡᠳ᠋ ᠤᠨ ᠵᠠᠰᠠᠭ  ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠢᠨᠠᠨ ᠲᠣᠭᠲᠠᠭᠠᠯᠭᠠᠬᠤ ᠭᠤᠶᠤᠴᠢᠯᠠᠯ ᠢᠶᠠᠨ ᠳᠤᠷᠠᠳᠬᠤ ᠬᠡᠷᠡᠭᠲᠡᠶ᠃    ︵ᠭᠤᠷᠪᠠ︶ ᠬᠢᠨᠠᠨ ᠲᠣᠭᠲᠠᠭᠠᠬᠤ    ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠲᠦᠷᠦᠭᠦᠯᠡᠨ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠮᠡᠳᠡᠭᠦᠯᠦᠭᠰᠡᠨ ᠪᠡᠶᠡᠴᠢ ᠴᠣᠭᠴᠠ ᠶᠢᠨ ᠲᠤᠰᠢᠶᠠᠭᠰᠠᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ ᠲᠤ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠬᠢᠵᠦ᠂ ᠬᠢᠨᠠᠨ ᠲᠣᠭᠲᠠᠭᠠᠭᠰᠠᠨ ᠰᠠᠨᠠᠯ ᠭᠠᠷᠭᠠᠬᠤ ᠬᠡᠷᠡᠭᠲᠡᠶ᠃ ᠠᠩᠬ᠎ᠠ ᠠᠯᠬᠤᠮ ᠬᠢᠨᠠᠨ ᠪᠠᠶᠢᠴᠠᠭᠠᠵᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠲᠦᠷᠦᠭᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠰᠢᠯᠢᠳᠡᠭ ᠢ ᠨᠢ ᠰᠣᠩᠭᠤᠨ ᠥᠪᠡᠷᠲᠡᠭᠡᠨ ᠵᠠᠰᠠᠬᠤ ᠣᠷᠣᠨ ᠤ ᠠᠩᠬᠠᠨ ᠤ ᠳᠡᠯᠭᠡᠭᠦᠷ ᠤᠨ ᠠᠩᠬ᠎ᠠ ᠲᠠᠷᠬᠠᠭᠠᠭᠰᠠᠨ ᠠᠵᠤ ᠠᠬᠤᠶ ᠶᠢᠨ ᠱᠠᠩᠨᠠᠯ ᠨᠥᠬᠦᠪᠥᠷᠢ ᠶᠢᠨ ᠬᠢᠷᠢ ᠬᠡᠮ ᠢ ᠭᠤᠶᠤᠴᠢᠯᠠᠨ ᠮᠡᠳᠡᠭᠦᠯᠬᠦ ᠪᠡᠶᠡᠴᠢ ᠴᠣᠭᠴᠠ ᠶᠢ ᠰᠢᠯᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠤᠰᠬᠠᠶ ᠰᠡᠳᠦᠪᠲᠦ ᠬᠤᠷᠠᠯ ᠳᠤ ᠳᠡᠪᠰᠢᠭᠦᠯᠦᠨ ᠬᠢᠨᠠᠨ ᠲᠣᠭᠲᠠᠭᠠᠯᠭᠠᠨ᠎ᠠ᠃    ︵ᠲᠥᠷᠪᠡ︶ ᠢᠯᠡ ᠨᠡᠶᠢᠲᠡᠯᠡᠬᠦ    ᠬᠢᠨᠠᠨ ᠲᠣᠭᠲᠠᠭᠠᠬᠤ ᠪᠠᠷ ᠳᠡᠮᠵᠢᠨ ᠨᠥᠬᠦᠴᠡᠯ ᠳᠤ ᠨᠡᠶᠢᠴᠡᠬᠦ ᠦᠨᠡᠯᠡᠨ ᠲᠣᠭᠲᠠᠭᠠᠬᠤ ᠪᠠᠷ ᠪᠠᠶᠢᠭ᠎ᠠ ᠨᠡᠷᠡᠰ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠠᠯᠪᠠᠨ ᠤ ᠰᠦᠯᠵᠢᠶᠡᠨ ᠳᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 7 ᠠᠵᠢᠯᠯᠠᠬᠤ ᠡᠳᠦᠷ ᠪᠣᠯᠤᠨ᠎ᠠ᠃    ︵ᠲᠠᠪᠤ︶ ᠦᠨᠡᠯᠡᠨ ᠲᠣᠭᠲᠠᠭᠠᠬᠤ    ᠵᠠᠷᠯᠠᠨ ᠨᠡᠶᠢᠲᠡᠯᠡᠭᠰᠡᠨ ᠤ ᠳᠠᠷᠠᠭ᠎ᠠ ᠣᠨᠳᠣᠤ ᠰᠠᠨᠠᠯ ᠥᠬᠡᠶ ᠪᠤᠶᠤ ᠣᠨᠳᠣᠤ ᠰᠠᠨᠠᠯ ᠨᠢ ᠲᠣᠭᠲᠠᠵᠤ ᠳᠡᠶᠢᠯᠬᠦ ᠥᠬᠡᠶ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠨᠡᠷᠡᠰ ᠢ ᠵᠢᠩᠬᠢᠨᠢ ᠪᠠᠷ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠬᠠᠭᠤᠯᠤᠨ ᠬᠦᠷᠬᠡᠨ᠎ᠠ᠃     ᠲᠥᠷᠥ ᠶᠢᠨ ᠪᠣᠳᠣᠯᠭ᠎ᠠ ᠶᠢᠨ ᠡᠬᠡ ᠪᠢᠴᠢᠭ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠨ ᠤ ᠳᠡᠯᠭᠡᠭᠦᠷ ᠤᠨ ᠠᠩᠬ᠎ᠠ ᠲᠠᠷᠬᠠᠭᠠᠬᠤ ᠠᠵᠤ ᠠᠬᠤᠶ ᠶᠢᠨ ᠦᠨᠡᠯᠡᠨ ᠲᠣᠭᠲᠠᠭᠠᠬᠤ ᠠᠷᠭ᠎ᠠ ︵ᠲᠦᠷ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ 
         
        ᠢᠷᠡᠯᠲᠡ᠄ ᠵᠠᠬ᠎ᠠ ᠳᠡᠯᠭᠡᠭᠦᠷ ᠤᠨ ᠠᠵᠢᠯᠯᠠᠭᠠᠨ ᠪᠠ ᠬᠡᠷᠡᠭᠯᠡᠭᠡ ᠶᠢ ᠠᠬᠢᠭᠤᠯᠬᠤ ᠭᠠᠵᠠᠷ
         
        2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号