内蒙古自治区商务厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠡᠭᠡᠵᠢᠩ ᠳᠤ ᠬᠦᠷᠴᠦ 2023 ᠣᠨ ᠤ ︽ᠴᠡᠯᠡᠭᠡᠷ ᠲᠠᠯ᠎ᠠ ᠶᠢᠨ ᠦᠨᠦᠷ ᠠᠮᠲᠠ ᠪᠡᠭᠡᠵᠢᠩ ᠬᠤᠲᠠ ᠳᠤ ᠣᠷᠣᠬᠤ︾ ᠴᠠᠭᠠᠨ ᠰᠠᠷ᠎ᠠ ᠶᠢᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠳᠤ ᠣᠷᠣᠯᠴᠠᠪᠠ
        ᠨᠡᠶᠢᠲᠡᠯᠡᠭᠰᠡᠨ ᠴᠠᠭ᠄
        2023/1/12
            ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ᠮᠠᠨ ᠤ ᠬᠤᠲᠠ ᠶᠢᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠨᠡᠶᠢᠰᠯᠡᠯ ᠤᠨ ᠬᠤᠲᠠ ᠶᠢᠨ ᠠᠷᠠᠳ ᠲᠤ ᠬᠥᠬᠡᠬᠤᠲᠠ ᠠᠴᠠ ᠢᠷᠡᠭᠰᠡᠨ ᠣᠨᠴᠠᠯᠢᠭᠲᠤ ᠢᠳᠡᠭᠡᠨ ᠢ ᠣᠶᠢᠯᠠᠭᠠᠭᠤᠯᠵᠤ᠂ ︽ᠴᠡᠯᠡᠭᠡᠷ ᠲᠠᠯ᠎ᠠ ᠶᠢᠨ ᠠᠮᠲᠠ︾ ᠶᠢ ᠤᠯᠠᠮ ᠨᠢᠭᠡ ᠠᠯᠬᠤᠮ ᠳᠡᠯᠭᠡᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠧᠦ ᠰᠢᠤᠸᠠᠨ ᠮᠠᠨ ᠤ ᠬᠤᠲᠠ ᠶᠢᠨ ᠬᠠᠮᠢᠶ᠎ᠠ ᠪᠥᠬᠦᠶ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠡᠭᠡᠵᠢᠩ ᠳᠤ ᠬᠦᠷᠴᠦ ᠮᠧᠨ ᠳᠧᠦ ᠭᠸᠦ ᠲᠣᠭᠤᠷᠢᠭ ᠤᠨ ᠵᠢᠩ ᠮᠧᠨ ᠬᠤᠳᠠᠯᠳᠤᠭᠠᠨ ᠤ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ︽ᠴᠡᠯᠡᠭᠡᠷ ᠲᠠᠯ᠎ᠠ ᠶᠢᠨ ᠠᠮᠲᠠ ᠪᠡᠭᠡᠵᠢᠩ ᠬᠤᠲᠠ ᠳᠤ ᠣᠷᠣᠬᠤ︾ ᠴᠠᠭᠠᠨ ᠰᠠᠷ᠎ᠠ ᠶᠢᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠡᠷᠭᠢᠯᠡᠪᠡ᠃ 
        1.12市商务局组织特色农产品企业赴京参加2023年“敕勒川味道进京城” 新春宣传推广活动1.png 
            ᠲᠣᠰ ᠤᠳᠠᠭᠠᠨ ᠤ ᠠᠵᠢᠯᠯᠠᠭ᠎ᠠ ᠳᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠡᠶᠢᠲᠡ 14 ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ 60 ᠭᠠᠷᠤᠶ ᠵᠦᠢᠯ ᠤᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠳᠤ ᠬᠤᠯᠪᠣᠭᠳᠠᠨ᠂ ᠰᠦᠨ ᠪᠦᠲᠦᠭᠡᠭᠳᠡᠬᠦᠨ᠂ ᠵᠢᠭᠦᠷᠲᠡᠨ ᠤ ᠪᠦᠲᠦᠭᠡᠭᠳᠡᠬᠦᠨ᠂ ᠬᠤᠯᠢᠮᠠᠭ ᠠᠮᠤ ᠲᠣᠰᠣᠨ ᠤ ᠪᠦᠲᠦᠭᠡᠭᠳᠡᠬᠦᠨ ᠵᠡᠷᠭᠡ ᠣᠯᠠᠨ ᠲᠥᠷᠥᠯ ᠵᠦᠢᠯ ᠢ ᠪᠠᠭᠲᠠᠭᠠᠵᠤ᠂ ᠮᠧᠨ ᠳᠧᠦ ᠭᠧᠦ ᠲᠣᠭᠤᠷᠢᠭ ᠤᠨ ᠯᠢᠩ ᠱᠠᠨ ᠪᠣᠬᠢᠷᠲᠤᠯ ᠥᠬᠡᠶ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠤᠰᠬᠠᠶ ᠲᠣᠭᠤᠷᠢᠭ ᠪᠠᠶᠢᠭᠤᠯᠤᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠪᠣᠷᠣᠯᠠᠭᠤᠯᠵᠤ᠂ ᠦᠢᠯᠡᠳᠭᠦᠨ ᠨᠢ ᠨᠡᠶᠢᠰᠯᠡᠯ ᠤᠨ ᠠᠷᠠᠳ ᠣᠯᠠᠨ ᠤ ᠬᠦᠷᠢᠶᠡᠯᠡᠯ ᠢ ᠣᠯᠤᠭᠰᠠᠨ ᠪᠠᠶᠢᠨ᠎ᠠ᠃ ᠡᠭᠦᠨ ᠤ ᠬᠠᠮᠲᠤ᠂ ᠬᠤᠶᠠᠷ ᠲᠠᠯ᠎ᠠ ᠪᠠᠷ ᠢᠶᠠᠨ ᠲᠠᠷᠠᠭᠠᠴᠢ ᠶᠢᠨ ᠠᠯᠬᠤᠮ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠰᠣᠯᠢᠯᠴᠠᠭ᠎ᠠ ᠬᠢᠵᠦ᠂ ᠪᠣᠳᠠᠲᠠᠶ ᠬᠠᠮᠲᠤᠷᠠᠯᠴᠠᠭᠠᠨ ᠤ ᠰᠠᠨᠠᠮᠵᠢ ᠲᠣᠭᠲᠠᠪᠠ᠄ 
        1.12市商务局组织特色农产品企业赴京参加2023年“敕勒川味道进京城” 新春宣传推广活动2.png 
            ᠨᠢᠭᠡ ᠳᠤ ᠦᠢᠯᠡᠳᠬᠦᠨ ᠤ ᠪᠡᠭᠡᠵᠢᠩ ᠳᠤ ᠳᠡᠯᠭᠡᠨ ᠦᠵᠡᠭᠦᠯᠬᠦ ᠵᠢᠭᠰᠠᠭᠠᠯ ᠤᠨ ᠭᠠᠵᠠᠷ ᠢ ᠪᠠᠶᠢᠭᠤᠯᠤᠨ᠎ᠠ᠃ ᠪᠡᠭᠡᠵᠢᠩ ᠤᠨ ᠬᠠᠪᠰᠤᠷᠤᠨ ᠲᠡᠳᠬᠦᠬᠦ ᠬᠤᠤᠰ ᠡᠭᠦᠳᠦᠯᠲᠡ ᠶᠢᠨ ᠲᠥᠪ ᠤᠨ ᠮᠧᠨ ᠳᠧᠦ ᠭᠸᠦ ᠬᠤᠪᠢᠶᠠᠷᠢ ᠲᠥᠪ ᠵᠡᠷᠭᠡ ᠵᠢᠭᠰᠠᠭᠠᠯ ᠤᠨ ᠭᠠᠵᠠᠷ ᠢ ᠭᠦᠢᠴᠡᠳ ᠠᠰᠢᠭᠯᠠᠨ᠂ ᠬᠥᠬᠡᠬᠤᠲᠠ ᠬᠢᠭᠡᠳ ᠡᠯ᠎ᠡ ᠬᠤᠰᠢᠭᠤ ᠰᠢᠶᠠᠨ ᠲᠣᠭᠤᠷᠢᠭ ᠤᠨ ᠤᠨᠴᠠᠯᠢᠭᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠳᠤ ᠴᠤᠭᠯᠠᠷᠠᠭᠤᠯᠵᠤ᠂ ︽ᠴᠡᠯᠡᠭᠡᠷ ᠲᠠᠯ᠎ᠠ ᠶᠢᠨ ᠦᠨᠦᠷ ᠠᠮᠲᠠ︾ ᠶᠢᠨ ᠨᠡᠶᠢᠳᠡ ᠶᠢᠨ ᠬᠡᠷᠡᠭᠯᠡᠭᠡᠨ ᠤᠨ ᠲᠦᠷᠦᠯ ᠲᠡᠮᠳᠡᠭ ᠤᠨ ᠪᠦᠲᠦᠭᠡᠭᠳᠡᠬᠦᠨ ᠢ ᠢᠳᠡᠪᠬᠢᠲᠡᠢ ᠪᠠᠷ ᠳᠡᠯᠭᠡᠷᠡᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠤᠬᠠᠶ ᠶᠢᠨ ᠭᠠᠵᠠᠷ ᠲᠤᠨᠢ ᠡᠳ᠋ᠰᠢᠭᠦᠯᠬᠦ ᠶᠢᠨ ᠬᠢᠨᠠᠨ ᠰᠢᠯᠭᠠᠬᠤ ᠵᠡᠷᠭᠡ ᠵᠠᠭᠪᠤᠷ ᠢ ᠠᠪᠬᠤ ᠪᠠᠷ ᠳᠠᠮᠵᠢᠭᠤᠯᠤᠨ᠂ ᠪᠡᠶᠡᠴᠢᠯᠡᠨ ᠣᠶᠢᠯᠠᠭᠠᠬᠤ ᠦᠵᠡᠭᠦᠯᠦᠯᠭᠡ ᠬᠢᠬᠦ ᠶᠢ ᠥᠷᠨᠢᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠶᠢᠰᠯᠡᠯ ᠲᠠᠬᠢ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠪᠦᠲᠦᠭᠡᠭᠳᠡᠬᠦᠨ ᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠵᠢᠭᠦᠯᠦᠨ᠎ᠡ᠃ 
        1.12市商务局组织特色农产品企业赴京参加2023年“敕勒川味道进京城” 新春宣传推广活动3.png 
            ᠬᠤᠶᠠᠷ ᠲᠤ ︽ᠭᠤᠷᠪᠠᠨ ᠲᠤᠰᠬᠠᠢ︾ ᠶᠢᠨ ᠪᠠᠶᠢᠭᠤᠯᠤᠯᠲᠠ ᠶᠢ ᠥᠷᠨᠢᠭᠦᠯᠦᠨ᠎ᠡ᠃ ᠪᠡᠭᠡᠵᠢᠩ ᠳᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠤᠰᠬᠠᠶ ᠯᠠᠩᠭᠦᠶ᠂ ᠲᠤᠰᠬᠠᠶ ᠲᠣᠭᠤᠷᠢᠭ᠂ ᠲᠤᠰᠬᠠᠶ ᠣᠷᠳᠣᠨ ᠢ ᠠᠬᠢᠭᠤᠯᠵᠤ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠳᠡᠯᠭᠡᠷᠡᠭᠦᠯᠬᠦ ᠪᠠ ᠪᠣᠷᠣᠯᠠᠭᠤᠯᠬᠤ ᠶᠢ ᠠᠬᠢᠭᠤᠯᠤᠨ᠎ᠠ᠃     ᠭᠤᠷᠪᠠ ᠳᠤ ᠬᠤᠳᠠᠯᠳᠤᠨ ᠠᠪᠬᠤ ᠪᠠ ᠪᠣᠷᠣᠯᠠᠭᠤᠯᠬᠤ ᠬᠤᠣᠰ ᠴᠢᠭᠯᠡᠯᠲᠦ ᠵᠠᠭᠪᠤᠷ ᠢ ᠪᠤᠢ ᠪᠣᠯᠭᠠᠨ᠎ᠠ᠃ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ︽ᠭᠠᠶᠢᠬᠠᠮᠰᠢᠭᠲᠤ ᠣᠷᠣᠨ ᠭᠠᠷᠮᠠᠭᠠᠢ ᠭᠠᠷᠤᠯᠲᠠ︾ ᠶᠢᠨ ᠨᠠᠷᠠᠲᠤ ᠲᠥᠷᠥᠯ ᠲᠡᠮᠳᠡᠭᠲᠦ ᠦᠢᠯᠡᠳᠭᠦᠨ ᠳᠤ ᠲᠦᠰᠢᠭᠯᠡᠨ᠂ ︽ᠴᠡᠯᠡᠭᠡᠷ ᠲᠠᠯ᠎ᠠ ᠶᠢᠨ ᠦᠨᠦᠷ ᠠᠮᠲᠠ︾ ᠶᠢ ᠪᠡᠭᠡᠵᠢᠩ ᠬᠤᠲᠠ ᠳᠤ ᠣᠷᠣᠭᠤᠯᠬᠤ᠂ ︽ᠭᠠᠶᠢᠬᠠᠮᠰᠢᠭᠲᠤ ᠣᠷᠣᠨ ᠭᠠᠷᠮᠠᠭᠠᠢ ᠭᠠᠷᠤᠯᠲᠠ︾ ᠬᠥᠬᠡᠬᠤᠲᠠ ᠶᠢ ᠰᠣᠶᠣᠷᠬᠠᠬᠤ ︽ᠬᠤᠤᠰ ᠴᠢᠭᠯᠡᠯ︾ ᠤᠨ ᠬᠤᠳᠠᠯᠳᠤᠨ ᠠᠪᠬᠤ ᠪᠠ ᠪᠣᠷᠣᠯᠠᠭᠤᠯᠬᠤ ᠵᠠᠭᠪᠤᠷ ᠢ ᠪᠣᠶ ᠪᠣᠯᠭᠠᠵᠤ᠂ ᠳᠡᠯᠭᠡᠨ ᠪᠣᠷᠣᠯᠠᠭᠤᠯᠬᠤ ᠶᠢ ᠵᠣᠯᠭᠠᠭᠤᠯᠬᠤ᠂ ᠬᠠᠨᠳᠤᠯᠭ᠎ᠠ ᠲᠠᠢ ᠪᠠᠷ ᠬᠤᠳᠠᠯᠳᠤᠨ ᠠᠪᠬᠤ᠂ ᠬᠤᠳᠠᠯᠳᠤᠭ᠎ᠠ ᠶᠢ ᠬᠡᠲᠦ ᠳᠡᠯᠭᠡᠭᠦᠷ ᠰᠢᠭᠤᠳ ᠪᠣᠷᠣᠯᠠᠭᠤᠯᠬᠤ᠂ ᠡᠯᠧᠺᠳ᠋ᠷᠣᠨ ᠬᠤᠳᠠᠯᠳᠤᠭᠠᠨ ᠤ ᠪᠣᠷᠣᠯᠠᠭᠤᠯᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠰᠢᠯᠤᠭᠤᠳᠬᠠᠨ᠎ᠠ᠃ 
         
        ᠢᠷᠡᠯᠲᠡ᠄ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
         
        2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号