ᠥᠨᠳᠥᠷ ᠬᠡᠪ ᠪᠣᠯᠪᠠᠰᠤᠷᠠᠯ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮ ᠴᠢᠳᠠᠪᠤᠷᠢᠲᠠᠨ ᠢ | ᠬᠥᠮᠦᠵᠢᠭᠦᠯᠵᠦ᠂ ᠣᠯᠠᠨ ᠤᠯᠤᠰ ᠤᠨ ᠰᠣᠯᠢᠯᠴᠠᠭᠠᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ | ᠤᠯᠤᠰ ᠤᠨ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠭᠠᠳᠠᠭᠠᠳᠤ ᠭᠠᠷᠭᠠᠯᠲᠠ ᠶᠢᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠲᠥᠯᠥᠭᠡ᠂ 2023 ᠣᠨ ᠤ 1 ᠳ᠋ᠦ᠋ᠭᠡᠷ ᠰᠠᠷ᠎ᠠ ᠶᠢᠨ 3 | ᠤ ᠡᠳᠦᠷ ᠠᠴᠠ 12 ᠤᠨ ᠡᠳᠦᠷ ᠪᠣᠯᠲᠠᠯ᠎ᠠ᠂ ᠳᠤᠮᠳᠠᠳᠤ ᠤᠯᠤᠰ ᠤᠨ ᠥᠪᠥᠷ ᠮᠣᠩᠭᠤᠯ ᠤᠨ ᠣᠯᠠᠨ ᠤᠯᠤᠰ ᠤᠨ | ᠮᠣᠩᠭᠤᠯ ᠡᠮᠨᠡᠯᠭᠡ ᠶᠢᠨ ᠬᠤᠷᠢᠶ᠎ᠠ᠂ ᠮᠣᠩᠭᠤᠯ ᠤᠯᠤᠰ ᠤᠨ ᠡᠷᠡᠭᠦᠯ ᠬᠠᠮᠠᠭᠠᠯᠠᠯ ᠤᠨ ᠶᠠᠮᠤᠨ ᠤ ᠡᠷᠡᠭᠦᠯ ᠬᠠᠮᠠᠭᠠᠯᠠᠯ | ᠤᠨ ᠬᠥᠭᠵᠢᠯᠲᠡ ᠶᠢᠨ ᠲᠥᠪ ᠬᠠᠮᠲᠤᠷᠠᠨ ︽ ᠳᠤᠮᠳᠠᠳᠤ ᠤᠯᠤᠰ—ᠮᠣᠩᠭᠤᠯ ᠤᠯᠤᠰ ᠤᠨ ᠮᠣᠩᠭᠤᠯ ᠡᠮ ᠡᠮᠨᠡᠯᠭᠡ | ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ︾ ᠢ ᠡᠷᠭᠢᠯᠡᠪᠡ᠃ ᠲᠣᠰ ᠤᠳᠠᠭᠠᠨ ᠤ | ᠪᠣᠯᠪᠠᠰᠤᠷᠠᠭᠤᠯᠤᠯ ᠢ ᠢᠨᠲ᠋ᠧᠷ ᠰᠦᠯᠵᠢᠶᠡᠨ ᠤ ᠡᠭᠦᠯᠡᠨ ᠦᠵᠦᠭᠦᠷ ᠢᠶᠠᠷ ᠳᠠᠮᠵᠢᠭᠤᠯᠤᠨ ︽ᠮᠣᠩᠭᠤᠯ ᠠᠨᠠᠭᠠᠬᠤ | ᠤᠬᠠᠭᠠᠨ ᠤ ᠰᠣᠩᠭᠤᠳᠠᠭ ᠣᠨᠣᠯ + ᠭᠤᠤᠯ ᠰᠡᠳᠦᠪᠳᠦ ᠦᠶᠯᠡᠳᠦᠯᠴᠡᠯ ᠰᠣᠯᠢᠯᠴᠠᠭ᠎ᠠ + ᠲᠤᠬᠠᠶ | ᠶᠢᠨ ᠲᠠᠯᠠᠪᠤᠷ ᠤᠨ ᠵᠢᠭᠠᠨ ᠰᠤᠷᠭᠠᠯᠲᠠ︾ ᠶᠢᠨ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠮᠣᠩᠭᠤᠯ ᠤᠯᠤᠰ ᠠᠴᠠ | ᠢᠷᠡᠭᠰᠡᠨ 129 ᠤᠯᠠᠮᠵᠢᠯᠠᠯᠲᠤ ᠡᠮ ᠡᠮᠨᠡᠯᠭᠡ ᠶᠢᠨ ᠠᠵᠢᠯᠲᠠᠨ ᠪᠣᠯᠪᠠᠰᠤᠷᠠᠯ ᠳᠤ ᠣᠷᠣᠯᠴᠠᠪᠠ᠃ | | | | ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ | ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ︶ ᠶᠢᠨ ᠳᠡᠯᠡᠬᠡᠶᠢᠴᠢᠯᠡᠭᠰᠡᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠭᠰᠠᠭᠠᠷ ᠢᠷᠡᠵᠡᠶ᠂ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ︶ ᠶᠢᠨ ᠭᠠᠳᠠᠭᠰᠢ ᠨᠡᠭᠡᠭᠡᠯᠲᠡ | ᠬᠢᠬᠦ ᠬᠡᠮᠵᠢᠶ᠎ᠡ ᠲᠠᠰᠤᠷᠠᠯᠲᠠ ᠥᠬᠡᠶ ᠥᠷᠭᠡᠳᠬᠦ ᠶᠢ ᠳᠠᠭᠠᠯᠳᠤᠨ᠂ 2022 ᠣᠨ ᠤ 2 ᠳ᠋ᠤᠭᠠᠷ ᠰᠠᠷ᠎ᠠ | ᠳᠤ᠂ ᠡᠮᠨᠡᠯᠭᠡ ᠶᠢᠨ ᠬᠤᠷᠢᠶ᠎ᠠ ᠤᠯᠤᠰ ᠤᠨ ᠬᠢᠲᠠᠳ ᠡᠮ ᠡᠮᠨᠡᠯᠭᠡ ᠶᠢᠨ ᠦᠶᠯᠡᠴᠢᠯᠡᠭᠡ ᠶᠢ ᠭᠠᠳᠠᠭᠠᠳᠤ ᠳᠤ ᠭᠠᠷᠭᠠᠬᠤ | ᠰᠠᠭᠤᠷᠢᠨ ᠭᠠᠵᠠᠷ ᠢᠶᠠᠷ ᠰᠣᠩᠭᠤᠭᠳᠠᠵᠤ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ | ᠱᠠᠭᠠᠷᠳᠠᠯᠭ᠎ᠠ ᠶᠣᠰᠣᠭᠠᠷ ᠥᠷᠨᠢᠭᠦᠯᠪᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠠᠭᠤᠷᠢᠨ | ᠭᠠᠵᠠᠷ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠶᠢ | ᠠᠬᠢᠭᠤᠯᠵᠤ᠂ ᠥᠪᠥᠷ ᠮᠣᠩᠭᠤᠯ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠥᠨᠳᠥᠷ ᠪᠠᠷᠢᠮᠵᠢᠶ᠎ᠠ ᠪᠠᠷ ᠤᠯᠤᠰ ᠤᠨ | ᠬᠢᠲᠠᠳ ᠡᠮ ᠡᠮᠨᠡᠯᠭᠡ ᠶᠢᠨ ᠦᠶᠯᠡᠴᠢᠯᠡᠭᠡ ᠶᠢ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢ ᠪᠠᠶᠢᠭᠤᠯᠬᠤ ᠶᠢ | ᠵᠢᠯᠣᠭᠤᠳᠴᠤ᠂ ᠮᠠᠨ ᠤ ᠣᠷᠣᠨ ᠤ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ︶ ᠶᠢᠨ ᠦᠶᠯᠡᠴᠢᠯᠡᠭᠡᠨ ᠤ ︽ | ᠭᠠᠷᠴᠤ ᠶᠠᠪᠤᠬᠤ︾ ᠶᠢ ᠠᠬᠢᠭᠤᠯᠤᠨ᠎ᠠ᠃ | |