内蒙古自治区商务厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        2022 ᠣᠨ ᠤ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠪᠠ ᠪᠣᠭᠤᠮᠲᠠ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠡᠯᠡᠯ
        ᠨᠡᠶᠢᠲᠡᠯᠡᠭᠰᠡᠨ ᠴᠠᠭ᠄
        2023/2/1
            2022 ᠣᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠣᠷᠴᠢᠨ ᠲᠣᠭᠤᠷᠢᠨ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠳᠠᠭᠠᠷᠢᠯᠳᠠ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ  ᠲᠦᠯᠦᠪᠯᠡᠵᠤ᠂ ᠭᠤᠣᠯ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠨᠢ ᠵᠢᠱᠢᠭᠰᠡᠨ ᠠᠴᠠ ᠰᠠᠶᠢᠨ  ᠪᠤᠯᠪᠠ ᠃ ᠡᠳᠦᠭᠡ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯᠯᠠᠭᠠᠨ ᠤ ᠪᠠᠶᠢᠳᠠᠯ ᠢ ᠳᠣᠤᠷᠠᠬᠢ ᠮᠡᠲᠦ ᠮᠡᠳᠡᠭᠳᠡᠶ᠎ᠡ᠄   ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 4971.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.8 % ᠪᠠᠷ ᠪᠠᠭᠤᠷᠠᠪᠠ᠃ ᠶᠡᠷᠦᠩᠬᠡᠶ ᠬᠡᠮᠵᠢᠶ᠎ᠡ ᠠᠴᠠ ᠦᠵᠡᠪᠡᠯ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠶᠢᠨ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭᠠᠨ ᠳᠤ ᠡᠵᠡᠯᠡᠬᠦ ᠬᠤᠪᠢ ᠶᠢᠨ ᠵᠢᠩ ᠨᠢ ᠨᠡᠯᠢᠶᠡᠳ ᠶᠡᠭᠡ ᠪᠠᠶᠢᠵᠤ᠂ ᠡᠵᠡᠯᠡᠬᠦ ᠬᠠᠷᠢᠴᠠᠯ ᠨᠢ ᠲᠣᠰ ᠲᠣᠰ 21.3 %᠂ 20.7 %᠂ 12.4 % ᠪᠣᠯᠤᠨ᠎ᠠ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠣᠷᠳᠣᠰ ᠬᠤᠲᠠ᠂ ᠲᠦᠩᠯᠢᠶᠣᠤ ᠬᠤᠲᠠ᠂ ᠬᠥᠯᠥᠨ ᠪᠣᠶᠢᠷ ᠬᠤᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 1.2 %᠂ 1.0%᠂ 0.2 % ᠨᠡᠮᠡᠭᠳᠡᠪᠡ ︔ ᠤᠯᠠᠭᠠᠨᠬᠠᠳᠠ ᠬᠤᠲᠠ᠂ ᠬᠢᠩᠭᠠᠨ ᠠᠶᠢᠮᠠᠭ᠂ ᠦᠬᠠᠶ ᠬᠤᠲᠠ᠂ ᠠᠯᠠᠱᠠ ᠠᠶᠢᠮᠠᠭ ᠂ ᠤᠯᠠᠭᠠᠨᠴᠠᠪ ᠬᠤᠲᠠ᠂ ᠰᠢᠯᠢ ᠶᠢᠨ ᠭᠤᠤᠯ ᠠᠶᠢᠮᠠᠭ᠂ ᠪᠠᠶᠠᠨᠨᠠᠭᠤᠷ ᠬᠤᠲᠠ᠂ ᠪᠤᠭᠤᠲᠤ ᠬᠤᠲᠠ᠂ ᠬᠥᠬᠡᠬᠤᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 0.1 %᠂ 0.5 %᠂ 0.9 %᠂ 1.0 %᠂ 2.4%᠂ 2.8 %᠂ 3.0 %᠂ 3.1%᠂ 4.1 % ᠪᠠᠷ ᠪᠠᠭᠤᠷᠠᠪᠠ᠃   ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠤᠭ᠎ᠠ 1523.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.2 % ᠢᠶᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ 7 ᠳ᠋ᠤᠭᠠᠷ ᠲᠤ ᠵᠢᠭᠰᠠᠭᠠᠭᠳᠠᠵᠤ᠂ 2021 ᠣᠨ ᠤ ᠬᠢ ᠠᠴᠠ 6 ᠵᠠᠭᠤᠨ ᠤ ᠬᠤᠪᠢ ᠳᠡᠭᠡᠭᠰᠢᠯᠡᠵᠦ᠂ ᠪᠥᠬᠦ ᠤᠯᠤᠰ ᠤᠨ 15.5 ᠵᠠᠭᠤᠨ ᠤ ᠬᠤᠪᠢ ᠠᠴᠠ ᠥᠨᠳᠥᠷ ᠪᠣᠯᠵᠠᠶ᠃ ᠡᠭᠦᠨ ᠳᠤ᠄ ᠭᠠᠳᠠᠭᠠᠳᠤ ᠭᠠᠷᠭᠠᠯᠲᠠ ᠶᠢᠨ ᠶᠡᠷᠦᠩᠬᠡᠶ ᠲᠤᠭ᠎ᠠ 630.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.9 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 2021 ᠣᠨ ᠤ ᠬᠢ  ᠠᠴᠠ 5.2 ᠵᠠᠭᠤᠨ ᠤ ᠬᠤᠪᠢ ᠪᠠᠭᠤᠷᠠᠵᠤ᠂ ᠪᠥᠬᠦ ᠤᠯᠤᠰ ᠤᠨ ᠬᠢ ᠠᠴᠠ 21.4 ᠵᠠᠭᠤᠨ ᠤ ᠬᠤᠪᠢ ᠥᠨᠳᠥᠷ ᠪᠣᠯᠵᠠᠶ ︔ ᠭᠠᠳᠠᠭᠠᠳᠤ ᠣᠷᠣᠭᠤᠯᠤᠯᠲᠠ ᠨᠡᠶᠢᠲᠡ 893.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.8 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 2021 ᠣᠨ ᠤ ᠬᠢ  ᠠᠴᠠ 10.4 ᠵᠠᠭᠤᠨ ᠤ ᠬᠤᠪᠢ ᠳᠡᠭᠡᠭᠰᠢᠯᠡᠵᠦ᠂ ᠪᠥᠬᠦ ᠤᠯᠤᠰ ᠤᠨ 13.5 ᠵᠠᠭᠤᠨ ᠤ ᠬᠤᠪᠢ ᠠᠴᠠ ᠥᠨᠳᠥᠷ ᠪᠣᠯᠵᠠᠶ᠃ ᠪᠠᠶᠠᠨᠨᠠᠭᠤᠷ ᠬᠤᠲᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ 357.5 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠨᠢᠭᠡᠳᠦᠭᠡᠷ ᠲᠤ ᠤᠷᠤᠵᠤ᠂ ᠪᠤᠭᠤᠲᠤ ᠬᠤᠲᠠ᠂ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠲᠣᠰ ᠲᠣᠰ ᠬᠤᠶᠠᠳᠤᠭᠠᠷ᠂ ᠭᠤᠷᠪᠠᠳᠤᠭᠠᠷ ᠲᠤ ᠣᠷᠣᠪᠠ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠪᠠᠶᠠᠨᠨᠠᠭᠤᠷ ᠬᠤᠲᠠ᠂ ᠣᠷᠳᠣᠰ ᠬᠤᠲᠠ ᠂ ᠮᠠᠨᠵᠤᠤᠷ᠂ ᠤᠯᠠᠭᠠᠨᠬᠠᠳᠠ ᠬᠤᠲᠠ᠂ ᠠᠯᠠᠱᠠ ᠠᠶᠢᠮᠠᠭ ᠤᠨ ᠪᠥᠬᠦ ᠣᠷᠣᠨ ᠤ ᠭᠠᠳᠠᠭᠠᠳᠤ ᠠᠴᠠ ᠤᠷᠤᠭᠤᠯᠵᠦ ᠭᠠᠳᠠᠭᠠᠳᠤ ᠳᠤ ᠭᠠᠷᠭᠠᠬᠤ ᠨᠡᠮᠡᠭᠳᠡᠯ ᠤᠨ ᠬᠡᠮᠵᠢᠶ᠎ᠡ ᠳᠤ ᠦᠵᠡᠭᠦᠯᠦᠭᠰᠡᠨ ᠬᠤᠪᠢ ᠨᠡᠮᠡᠷᠢ ᠨᠢ ᠨᠡᠯᠢᠶᠡᠳ ᠶᠡᠭᠡ ᠪᠠᠶᠢᠵᠤ᠂ ᠲᠣᠰ ᠲᠣᠰ 124 ᠳ᠋ᠦᠩᠰᠢᠭᠤᠷ ᠲᠥᠭᠦᠷᠢᠭ᠂ 73.7 ᠳ᠋ᠦᠩᠰᠢᠭᠤᠷ ᠲᠥᠭᠦᠷᠢᠭ᠂ 30.1 ᠳ᠋ᠦᠩᠰᠢᠭᠤᠷ ᠲᠥᠭᠦᠷᠢᠭ᠂ 31.1 ᠳ᠋ᠦᠩᠰᠢᠭᠤᠷ ᠲᠥᠭᠦᠷᠢᠭ᠂ 25.8 ᠳ᠋ᠦᠩᠰᠢᠭᠤᠷ ᠲᠥᠭᠦᠷᠢᠭ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠠᠯᠠᠱᠠ ᠠᠶᠢᠮᠠᠭ᠂ ᠣᠷᠳᠣᠰ ᠬᠤᠲᠠ᠂ ᠪᠠᠶᠠᠨᠨᠠᠭᠤᠷ ᠬᠤᠲᠠ᠂ ᠰᠢᠯᠢ ᠶᠢᠨ ᠭᠤᠤᠯ ᠠᠶᠢᠮᠠᠭ᠂ ᠦᠬᠠᠶ ᠬᠤᠲᠠ᠂ ᠤᠯᠠᠭᠠᠨᠬᠠᠳᠠ ᠬᠤᠲᠠ᠂ ᠮᠠᠨᠵᠤᠤᠷ ᠬᠤᠲᠠ᠂ ᠬᠥᠯᠥᠨ ᠪᠣᠶᠢᠷ ᠬᠤᠲᠠ᠂ ᠬᠥᠬᠡᠬᠤᠲᠠ᠂ ᠤᠯᠠᠭᠠᠨᠴᠠᠪ ᠬᠤᠲᠠ ᠵᠡᠷᠭᠡ 10 ᠠᠶᠢᠮᠠᠭ ᠬᠤᠲᠠ ᠶᠢᠨ ᠨᠡᠮᠡᠭᠳᠡᠯ ᠤᠨ ᠬᠤᠷᠳᠤᠴᠠ ᠨᠢ 2 ᠤᠷᠤᠨᠲᠤ ᠲᠤᠭ᠎ᠠ ᠠᠴᠠ ᠳᠡᠭᠡᠭᠰᠢ ᠪᠣᠯᠪᠠ᠃ ᠠᠯᠠᠱᠠ ᠠᠶᠢᠮᠠᠭ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ 103.8 % ᠳᠤ ᠬᠦᠷᠴᠦ᠂ ᠪᠥᠬᠦ ᠣᠷᠣᠨ ᠤ ᠨᠢᠭᠡᠳᠦᠭᠡᠷ ᠲᠤ ᠣᠷᠣᠪᠠ᠃   ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ 34.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 58.6 % ︵ 5.4 ᠳ᠋ᠦᠩᠰᠢᠭᠤᠷ ᠳ᠋ᠣᠯᠯᠠᠷ ᠢᠶᠠᠷ ᠨᠤᠭᠤᠯᠵᠤ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 70.6 % ᠪᠠᠷ ᠨᠡᠮᠡᠭᠳᠡᠵᠦ︶  ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ  ᠨᠢ ᠪᠥᠬᠦ ᠤᠯᠤᠰ ᠤᠨ 7 ᠳ᠋ᠤᠭᠠᠷ ᠲᠤ ᠵᠢᠭᠰᠠᠭᠠᠭᠳᠠᠪᠠ ︔ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 40 ᠪᠣᠯᠵᠤ᠂ ᠠᠳᠠᠯᠢ ᠬᠤᠭᠤᠴᠠᠭᠠᠨ ᠤ ᠬᠢ ᠠᠴᠠ 4 ᠬᠠᠰᠤᠭᠳᠠᠵᠠᠢ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠬᠥᠬᠡᠬᠤᠲᠠ ᠶᠢᠨ ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠨᠢ ᠨᠢᠭᠡᠳᠦᠭᠡᠷ ᠲᠤ ᠣᠷᠣᠪᠠ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂  ᠬᠦᠬᠡᠬᠤᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ 1.3 ᠳᠠᠬᠢᠨ ᠨᠡᠮᠡᠭᠳᠡᠵᠡᠢ᠃ ᠬᠦᠯᠦᠨ ᠪᠣᠶᠢᠷ ᠬᠤᠲᠠ᠂ ᠬᠢᠩᠭᠠᠨ ᠠᠶᠢᠮᠠᠭ᠂ ᠲᠦᠩᠯᠢᠶᠥᠥ ᠬᠤᠲᠠ᠂ ᠦᠬᠠᠢ ᠬᠤᠲᠠ᠂ ᠠᠯᠠᠱᠠ ᠠᠶᠢᠮᠠᠭ᠂ ᠮᠠᠨᠵᠤᠤᠷ ᠬᠤᠲᠠ᠂ ᠡᠷᠢᠶᠡᠨ ᠬᠤᠲᠠ ᠶᠢᠨ ᠪᠣᠲᠠᠲᠠᠢ ᠬᠡᠷᠡᠭᠯᠡᠬᠦ ᠭᠠᠳᠠᠭᠠᠳᠤ ᠪᠡᠯᠡ ᠨᠢ ᠲᠡᠭ ᠪᠣᠯᠤᠨ᠎ᠠ᠃   ᠪᠥᠬᠦ ᠣᠷᠣᠨ ᠤ ᠰᠢᠨ᠎ᠡ ᠪᠠᠷ ᠨᠡᠮᠡᠭᠳᠡᠭᠰᠡᠨ ᠭᠠᠳᠠᠭᠠᠳᠤ ᠳᠠᠬᠢ ᠪᠠᠯᠠ  ᠤᠷᠤᠭᠤᠯᠤᠯᠤᠲᠠ ᠶᠢᠨ ᠲᠥᠷᠥᠯ ᠵᠦᠶᠯ 24 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 27 ᠪᠠᠭᠠᠰᠴᠤ᠂ ᠳᠤᠮᠳᠠᠳᠤ ᠶᠢᠨ ᠲᠠᠯ᠎ᠠ ᠶᠢᠨ ᠵᠥᠪᠯᠡᠯᠴᠡᠭᠡᠷ  ᠤᠨ ᠪᠠᠯᠠ ᠣᠷᠣᠭᠤᠯᠤᠯᠲᠠ ᠶᠢᠨ ᠬᠡᠮᠵᠢᠶ᠎ᠡ 19.5 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 2.6 ᠳᠠᠬᠢᠨ ᠨᠡᠮᠡᠭᠳᠡᠪᠡ ︔ ᠭᠠᠳᠠᠭᠠᠳᠤ ᠳᠠᠬᠢ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ 13.2 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9 ᠳᠠᠬᠢᠨ ᠨᠡᠮᠡᠭᠳᠡᠵᠦ᠂ ᠪᠥᠬᠦ ᠤᠯᠤᠰ ᠲᠤ 16 ᠳ᠋ᠤᠭᠠᠷ ᠲᠤ ᠵᠢᠭᠰᠠᠭᠠᠭᠳᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8 ᠪᠠᠶᠢᠷᠢ ᠳᠡᠭᠡᠭᠰᠢᠯᠡᠪᠡ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠬᠥᠬᠡᠬᠤᠲᠠ᠂ ᠤᠯᠠᠭᠠᠨᠬᠠᠳᠠ ᠬᠤᠲᠠ ᠶᠢᠨ ᠪᠥᠬᠦ ᠣᠷᠣᠨ ᠳᠠᠬᠢ ᠭᠠᠳᠠᠭᠠᠳᠤ ᠳᠠᠬᠢ ᠪᠠᠯᠠ ᠣᠷᠣᠭᠤᠯᠤᠯᠲᠠ ᠶᠢᠨ ᠬᠠᠮᠲᠤᠷᠠᠯᠴᠠᠭ᠎ᠠ ᠶᠢᠨ ᠨᠡᠮᠡᠭᠳᠡᠯ ᠤᠨ ᠬᠡᠮᠵᠢᠶ᠎ᠡ ᠡᠮᠦᠨ᠎ᠡ ᠡᠩᠨᠡᠭᠡᠨ ᠳᠤ ᠤᠷᠤᠵᠤ᠂ ᠲᠤᠰ ᠲᠤᠰ 12.44 ᠳ᠋ᠦᠩᠰᠢᠭᠤᠷ ᠳ᠋ᠣᠯᠯᠠᠷ᠂ 3.6 ᠳ᠋ᠦᠩᠰᠢᠭᠤᠷ ᠳ᠋ᠣᠯᠯᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠵᠥᠪᠬᠡᠨ ᠬᠥᠬᠡᠬᠤᠲᠠ᠂ ᠤᠯᠠᠭᠠᠨᠬᠠᠳᠠ ᠬᠤᠲᠠ ᠡᠶᠡᠷᠭᠦ ᠨᠡᠮᠡᠭᠳᠡᠯ ᠲᠠᠢ ᠪᠠᠶᠢᠵᠤ᠂ ᠲᠣᠰ ᠲᠣᠰ 8 ᠳᠠᠬᠢᠨ᠂ 3.3 ᠳᠠᠬᠢᠨ ᠨᠡᠮᠡᠭᠳᠡᠵᠡᠶ᠃   ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 5842.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.7% ᠪᠠᠷ ᠨᠡᠮᠡᠭᠳᠡᠪᠡ᠂ ᠡᠭᠦᠨ ᠳᠤ᠂ ᠬᠢᠯᠢ ᠪᠠᠷ ᠤᠷᠤᠭᠤᠯᠤᠭᠰᠠᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 5176.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.9 % ᠪᠠᠷ ᠨᠡᠮᠡᠭᠳᠡᠪᠡ︔ ᠬᠢᠯᠢ ᠠᠴᠠ ᠭᠠᠷᠬᠤ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 665.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.2 % ᠢᠶᠠᠷ ᠪᠠᠭᠤᠷᠠᠪᠠ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠭᠠᠭᠴᠠᠮᠤᠳᠤ ᠵᠠᠰᠠᠮᠠᠯ ᠵᠠᠮ ᠤᠨ ᠬᠢᠯᠢ ᠶᠢᠨ ᠪᠣᠭᠤᠮᠲᠠ᠂ ᠮᠠᠨᠳᠤᠯ ᠵᠠᠰᠠᠮᠠᠯ ᠵᠠᠮ ᠤᠨ ᠬᠢᠯᠢ ᠶᠢᠨ ᠪᠣᠭᠤᠮᠲᠠ᠂ ᠴᠡᠭᠡ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠶᠢᠨ ᠳᠡᠭᠡᠭᠰᠢᠯᠡᠯᠲᠡ ᠳᠤ ᠦᠵᠡᠭᠦᠯᠬᠦ ᠳᠠᠶᠢᠴᠢᠯᠠᠬᠤ ᠦᠢᠯᠡᠳᠦᠯ ᠨᠢ ᠨᠡᠯᠢᠶᠡᠳ ᠶᠡᠭᠡ ᠪᠠᠶᠢᠵᠤ᠂ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠵᠠᠢ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠭᠠᠭᠴᠠᠮᠤᠳᠤ ᠵᠠᠰᠠᠮᠠᠯ ᠵᠠᠮ ᠤᠨ ᠪᠣᠭᠤᠮᠲᠠ᠂ ᠮᠠᠨᠳᠤᠯ ᠵᠠᠰᠠᠮᠠᠯ ᠵᠠᠮ ᠤᠨ ᠪᠣᠭᠤᠮᠲᠠ᠂ ᠮᠠᠨᠵᠤᠤᠷ ᠵᠠᠰᠠᠮᠠᠯ ᠵᠠᠮ ᠤᠨ ᠪᠣᠭᠤᠮᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 144.7 %᠂ 89.4 %᠂ 54.6 % ᠪᠠᠷ ᠨᠡᠮᠡᠭᠳᠡᠪᠡ᠃ ᠪᠥᠬᠦ ᠣᠷᠣᠨ ᠤ ᠬᠢᠯᠢ ᠪᠠᠷ ᠤᠷᠤᠭᠤᠯᠵᠦ ᠭᠠᠷᠭᠠᠭᠰᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 7337 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 19.1%  ᠪᠠᠷ ᠨᠡᠮᠡᠭᠳᠡᠪᠡ᠂ ᠡᠭᠦᠨ ᠳᠤ ᠮᠠᠨᠵᠤᠤᠷ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 4818 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 40.7 % ᠪᠠᠷ ᠨᠡᠮᠡᠭᠳᠡᠪᠡ︔ ᠡᠷᠢᠶᠡᠨ ᠬᠤᠲᠠ ᠶᠢᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2519 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8 % ᠪᠠᠷ ᠪᠠᠭᠤᠷᠠᠪᠠ᠃ 
         
        ᠢᠷᠡᠯᠲᠡ᠄ ᠲᠥᠯᠦᠪᠵᠢᠭᠦᠯᠭᠡ ᠶᠢᠨ ᠡᠳ᠋ ᠤᠨ ᠶᠠᠪᠤᠳᠠᠯ ᠤᠨ ᠭᠠᠵᠠᠷ
         
        2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号