| | | ᠨᠠᠮ ᠤᠨ ᠲᠥᠪ ᠬᠤᠷᠢᠶ᠎ᠠ ᠳᠤ ᠰᠢᠨ᠎ᠡ ᠪᠠᠷ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ ᠪᠣᠯᠣᠨ ᠮᠤᠵᠢ | ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ 7 ᠤ ᠦᠳᠡ ᠶᠢᠨ | ᠡᠮᠦᠨ᠎ᠡ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ | ᠰᠤᠷᠤᠯᠭ᠎ᠠ ᠡᠬᠢᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠭᠢᠯᠡᠭᠦ ᠶᠣᠰᠣᠯᠠᠯ | ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠢ | ᠬᠤᠷᠢᠶᠠᠩᠭᠤᠶᠢᠯᠠᠨ ᠳᠤᠷᠠᠳᠬᠤ ᠶᠢᠨ ᠬᠠᠮᠲᠤ ᠭᠦᠨᠵᠡᠭᠡᠢ ᠲᠣᠳᠣᠷᠬᠠᠶᠢᠯᠠᠨ ᠥᠭᠦᠯᠡᠭᠰᠡᠨ ᠶᠠᠪᠤᠳᠠᠯ ᠪᠣᠯ ᠨᠠᠮ ᠤᠨ | ᠬᠤᠷᠢᠳᠤᠭᠠᠷ ᠶᠡᠭᠡ ᠬᠤᠷᠠᠯ ᠤᠨ ᠨᠢᠭᠡᠨ ᠴᠢᠬᠤᠯᠠ ᠶᠡᠭᠡ ᠤᠨᠤᠯ ᠤᠨ ᠰᠢᠨ᠎ᠡ ᠡᠭᠦᠳᠦᠯᠲᠡ ᠮᠥᠨ᠂ ᠰᠢᠨᠵᠢᠯᠡᠬᠦ | ᠤᠬᠠᠭᠠᠨ ᠤ ᠨᠡᠶᠢᠭᠡᠮ ᠵᠢᠷᠤᠮ ᠤᠨ ᠬᠠᠮᠤᠭ ᠤᠨ ᠰᠢᠨ᠎ᠡ ᠴᠢᠬᠤᠯᠠ ᠶᠡᠭᠡ ᠦᠷ᠎ᠡ ᠪᠦᠲᠦᠭᠡᠯ ᠮᠥᠨ᠃ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠮᠠᠨ ᠤ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠤᠳᠤᠷᠢᠳᠤᠨ ᠤᠷᠲᠤ ᠬᠤᠭᠤᠴᠠᠭᠠᠨ ᠤ ᠰᠦᠪᠡᠭᠴᠢᠯᠡᠯᠲᠡ ᠪᠠ ᠦᠢᠯᠡᠳᠦᠯᠭᠡ ᠶᠢᠨ ᠳᠤᠮᠳᠠ | ᠲᠦᠮᠡᠨ ᠪᠡᠷᠬᠡ ᠮᠢᠩᠭᠠᠨ ᠵᠣᠪᠠᠭᠤᠷᠢ ᠶᠢ ᠲᠤᠭᠤᠯᠵᠤ᠂ ᠯᠤᠲᠤ ᠶᠡᠭᠡ ᠦᠷᠡᠭᠳᠡᠯ ᠭᠠᠷᠭᠠᠵᠤ ᠪᠠᠶᠢᠭᠠᠳ ᠣᠯᠣᠭᠰᠠᠨ | ᠴᠢᠬᠤᠯᠠ ᠶᠡᠭᠡ ᠦᠷ᠎ᠡ ᠪᠦᠲᠦᠭᠡᠯ ᠮᠥᠨ᠂ ᠪᠢᠳᠡ ᠡᠷᠬᠡᠪᠰᠢ ᠬᠤᠪᠢ ᠳᠠᠭᠢᠨ ᠨᠠᠨᠳᠢᠩᠨᠠᠵᠤ᠂ ᠢᠮᠠᠭᠲᠠ ᠪᠠᠷᠢᠮᠲᠠᠯᠠᠵᠤ᠂ | ᠲᠠᠰᠤᠷᠠᠯᠲᠠ ᠦᠭᠡᠢ ᠥᠷᠭᠡᠳᠬᠡᠨ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ | ᠰᠤᠷᠤᠯᠭ᠎ᠠ ᠡᠭᠢᠯᠡᠭᠦ ᠶᠣᠰᠣᠯᠠᠯ ᠢ ᠡᠷᠭᠢᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ | ᠣᠷᠣᠯᠴᠠᠵᠠᠢ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ | ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠵᠡᠭᠦᠳᠦ ᠮᠥᠨ᠂ | ᠲᠤᠭ᠎ᠠ ᠲᠣᠮᠰᠢ ᠦᠭᠡᠢ ᠴᠢᠬᠡᠴᠢ ᠵᠢᠷᠤᠮᠲᠠᠨ ᠡᠭᠦᠨ ᠤ ᠲᠥᠯᠥᠭᠡ ᠬᠠᠲᠠᠭᠤᠵᠢᠯᠲᠠᠢ ᠰᠦᠪᠡᠭᠴᠢᠯᠡᠵᠦ᠂ ᠡᠯ᠎ᠡ | ᠵᠦᠢᠯ ᠤᠨ ᠲᠤᠷᠰᠢᠴᠠ ᠶᠢ ᠬᠢᠭᠰᠡᠨ ᠪᠤᠯᠪᠠᠴᠤ ᠴᠥᠮ ᠢᠯᠠᠭᠳᠠᠯ ᠢᠶᠠᠷ ᠲᠡᠭᠦᠰᠪᠡ᠃ ᠳᠤᠮᠳᠠᠳᠤ ᠤᠯᠤᠰ ᠤᠨ | ᠣᠳᠣᠬᠢᠴᠢᠯᠠᠯᠲᠠ ᠶᠢᠨ ᠵᠠᠮ ᠢ ᠰᠦᠪᠡᠭᠴᠢᠯᠡᠬᠦ ᠬᠦᠨᠳᠦ ᠡᠭᠦᠷᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠡᠶ᠎ᠡ | ᠳᠡᠭᠡᠷ᠎ᠡ ᠲᠡᠦᠬᠡᠨ ᠶᠣᠰᠣᠭᠠᠷ ᠲᠠᠯᠪᠢᠭᠳᠠᠪᠠ᠃ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠳᠤ᠂ ᠮᠠᠨ ᠤ ᠨᠠᠮ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠴᠢᠰᠤ ᠤᠷᠤᠰᠬᠠᠨ ᠡᠷᠡᠯᠬᠡᠭᠯᠡᠨ ᠪᠠᠶᠢᠯᠳᠤᠵᠤ᠂ ᠨᠤᠭᠤᠷᠠᠰᠢ | ᠦᠭᠡᠢ ᠲᠡᠮᠡᠴᠡᠵᠦ᠂ ᠤᠮᠠᠷᠠᠰᠢ ᠳᠠᠶᠢᠯᠠᠬᠤ ᠲᠠᠶᠢᠨ᠂ ᠭᠠᠵᠠᠷ ᠰᠢᠷᠣᠢ ᠶᠢᠨ ᠬᠤᠪᠢᠰᠬᠠᠯᠲᠤ ᠲᠠᠶᠢᠨ᠂ ᠶᠠᠫᠤᠨ ᠢ | ᠡᠰᠡᠷᠭᠦᠴᠡᠬᠦ ᠲᠠᠶᠢᠨ᠂ ᠴᠢᠯᠦᠭᠡᠯᠡᠬᠦ ᠲᠠᠶᠢᠨ ᠢ ᠥᠩᠭᠡᠷᠡᠭᠡᠭᠡᠳ᠂ ᠡᠵᠡᠷᠬᠡᠭ ᠲᠦᠷᠢᠮᠡᠬᠡᠢ ᠶᠣᠰᠣ᠂ ᠹᠧᠣᠳᠠᠯ ᠶᠣᠰᠣ᠂ | ᠨᠣᠶᠠᠨᠴᠢ ᠬᠥᠷᠥᠩᠭᠡᠲᠦ ᠶᠣᠰᠣ ᠵᠡᠷᠭᠡ ᠭᠤᠷᠪᠠᠨ ᠶᠡᠭᠡ ᠠᠭᠤᠯᠠ ᠶᠢ ᠨᠤᠷᠠᠭᠠᠵᠤ᠂ ᠠᠷᠠᠳ ᠲᠦᠮᠡᠨ ᠡᠵᠡᠨ ᠰᠠᠭᠤᠵᠤ | ᠡᠷᠬᠡ ᠮᠡᠳᠡᠭᠰᠡᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠤ᠂ ᠦᠨᠳᠦᠰᠦᠲᠡᠨ ᠤ ᠲᠤᠰᠠᠭᠠᠷ | ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ ᠶᠢ ᠪᠡᠶᠡᠯᠡᠭᠦᠯᠵᠦ᠂ ᠣᠳᠣᠬᠢᠴᠢᠯᠠᠯᠲᠠ ᠶᠢ ᠪᠡᠶᠡᠯᠡᠭᠦᠯᠬᠦ ᠳᠤ | ᠨᠡᠶᠢᠭᠡᠮ ᠤᠨ ᠦᠨᠳᠦᠰᠦᠨ ᠨᠥᠬᠦᠴᠡᠯ ᠢ ᠡᠭᠦᠳᠴᠦ ᠥᠭᠭᠦᠭᠰᠡᠨ ᠪᠠᠶᠢᠨ᠎ᠠ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠤ ᠲᠠᠷᠠᠭ᠎ᠠ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ | ᠵᠢᠷᠤᠮᠲᠤ ᠬᠤᠪᠢᠰᠬᠠᠯ ᠬᠢᠵᠦ᠂ ᠳᠤᠮᠳᠠᠳᠤ ᠤᠯᠤᠰ ᠲᠤ ᠬᠡᠳᠦᠨ ᠮᠢᠩᠭᠠᠨ ᠵᠢᠯ ᠦᠷᠭᠦᠯᠵᠢᠯᠡᠭᠰᠡᠨ ᠹᠧᠣᠳᠠᠯ ᠤᠨ | ᠪᠠᠶᠢᠭᠤᠯᠤᠯ ᠢ ᠤᠰᠠᠳᠬᠠᠵᠤ᠂ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠲᠣᠭᠲᠠᠭᠠᠵᠤ᠂ ᠳᠤᠮᠳᠠᠳᠤ ᠶᠢᠨ | ᠦᠨᠳᠦᠰᠦᠲᠡᠨ ᠤ ᠲᠡᠦᠬᠡᠨ ᠳᠡᠭᠡᠷᠡᠬᠢ ᠬᠠᠮᠤᠭ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠡᠶᠢᠭᠡᠮ ᠤᠨ | ᠬᠤᠪᠢᠰᠤᠯᠲᠠ ᠶᠢ ᠪᠡᠶᠡᠯᠡᠭᠦᠯᠵᠦ᠂ ᠪᠡᠶ᠎ᠡ ᠪᠠᠨ ᠳᠠᠭᠠᠭᠠᠭᠰᠠᠨ ᠨᠡᠯᠢᠶᠡᠳ ᠪᠦᠷᠢᠨ ᠪᠦᠲᠦᠨ ᠠᠵᠤ ᠦᠢᠯᠡᠳᠪᠦᠷᠢ ᠶᠢᠨ | ᠰᠢᠰᠲ᠋ᠧᠮ ᠪᠠ ᠤᠯᠤᠰ ᠠᠷᠠᠳ ᠤᠨ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠨᠡᠶᠢᠭᠡᠮ ᠵᠢᠷᠤᠮᠲᠤ ᠬᠤᠪᠢᠰᠬᠠᠯ | ᠪᠠ ᠪᠦᠲᠦᠭᠡᠨ ᠪᠠᠶᠢᠭᠤᠯᠤᠯᠲᠠ ᠥᠪᠡᠷᠮᠢᠴᠡ ᠪᠦᠲᠦᠭᠡᠯᠴᠢ ᠴᠢᠨᠠᠷᠲᠠᠢ ᠤᠨᠤᠯ ᠤᠨ ᠦᠷ᠎ᠡ ᠪᠦᠲᠦᠭᠡᠯ ᠪᠠ ᠯᠤᠲᠤ ᠶᠡᠭᠡ | ᠠᠮᠵᠢᠯᠲᠠ ᠪᠦᠲᠦᠮᠵᠢ ᠣᠯᠵᠤ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠤᠯᠤᠰ ᠲᠦᠷᠦ ᠶᠢᠨ ᠦᠨᠳᠦᠰᠦᠨ | ᠤᠷᠢᠲᠠᠯ ᠨᠥᠬᠦᠴᠡᠯ ᠪᠠ ᠡᠷᠬᠢᠮ ᠨᠠᠨᠳᠢᠨ ᠲᠤᠷᠰᠢᠯᠭ᠎ᠠ᠂ ᠤᠨᠤᠯ ᠤᠨ ᠪᠡᠯᠡᠳᠬᠡᠯ᠂ ᠪᠣᠳᠠᠰ ᠤᠨ ᠰᠠᠭᠤᠷᠢ ᠶᠢ ᠲᠠᠯᠪᠢᠵᠤ | ᠥᠭᠭᠦᠭᠰᠡᠨ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ | ᠰᠢᠨ᠎ᠡ ᠴᠠᠭ ᠦᠶ᠎ᠡ ᠳᠤ ᠮᠠᠨ ᠤ ᠨᠠᠮ ᠨᠠᠮ ᠪᠣᠯᠣᠨ ᠤᠯᠤᠰ ᠤᠨ ᠠᠵᠢᠯ ᠤᠨ ᠭᠤᠣᠯᠳᠠᠯᠭ᠎ᠠ ᠶᠢ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠳᠡᠭᠡᠷ᠎ᠡ ᠰᠢᠯᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠬᠢᠬᠦ ᠲᠡᠦᠬᠡᠲᠦ ᠴᠢᠨᠠᠷᠲᠠᠢ | ᠰᠢᠢᠳᠪᠦᠷᠢᠲᠦ ᠪᠣᠳᠣᠯᠭ᠎ᠠ ᠶᠢ ᠲᠣᠭᠲᠠᠭᠠᠵᠤ᠂ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ | ᠡᠭᠦᠳᠦᠯᠲᠡ᠂ ᠪᠠᠶᠢᠭᠤᠯᠤᠯ ᠤᠨ ᠰᠢᠨ᠎ᠡ ᠡᠭᠦᠳᠦᠯᠲᠡ᠂ ᠰᠣᠶᠣᠯ ᠤᠨ ᠰᠢᠨ᠎ᠡ ᠡᠭᠦᠳᠦᠯᠲᠡ ᠵᠢᠴᠢ ᠪᠤᠰᠤᠳ ᠡᠯ᠎ᠡ | ᠲᠠᠯ᠎ᠠ ᠶᠢᠨ ᠰᠢᠨ᠎ᠡ ᠡᠭᠦᠳᠦᠯᠲᠡ ᠶᠢ ᠶᠡᠭᠡ ᠪᠠᠷ ᠠᠬᠢᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠪᠠᠶᠢᠭᠤᠯᠤᠯ ᠢ ᠬᠡᠷᠡᠭᠵᠢᠭᠦᠯᠵᠦ᠂ ᠦᠢᠯᠡᠳᠪᠦᠷᠢᠯᠡᠯ ᠤᠨ ᠬᠦᠴᠦᠨ ᠬᠠᠷᠢᠴᠠᠩᠭᠤᠢ ᠪᠠᠷ ᠬᠤᠴᠤᠷᠤᠩᠭᠤᠢ | ᠪᠠᠶᠢᠭᠰᠠᠨ ᠪᠠᠶᠢᠳᠠᠯ ᠠᠴᠠ ᠪᠠᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠬᠤᠶᠠᠳᠤᠭᠠᠷ ᠲᠤ ᠣᠷᠣᠭᠰᠠᠨ | ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠢᠳᠡᠵᠦ ᠡᠮᠦᠰᠭᠦ ᠳᠡᠭᠡᠨ ᠵᠥᠪ | ᠦᠭᠡᠢ ᠪᠠᠶᠢᠭᠰᠠᠨ ᠠᠴᠠ ᠶᠡᠷᠦᠩᠬᠡᠢ ᠳᠡᠭᠡᠨ ᠴᠢᠨᠡᠭᠡᠯᠢᠭ ᠪᠣᠯᠵᠤ᠂ ᠪᠦᠭᠦ ᠲᠠᠯ᠎ᠠ ᠪᠠᠷ ᠴᠢᠨᠡᠭᠡᠯᠢᠭᠵᠢᠬᠦ ᠲᠡᠶᠢᠰᠢ | ᠤᠷᠤᠭᠰᠢᠯᠠᠬᠤ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠪᠠᠶᠢᠭᠤᠯᠤᠯ ᠤᠨ ᠪᠠᠲᠤᠯᠠᠭ᠎ᠠ ᠪᠠ ᠲᠦᠷᠭᠡᠨ | ᠬᠥᠭᠵᠢᠯᠲᠡ ᠶᠢᠨ ᠪᠣᠳᠠᠰ ᠤᠨ ᠨᠥᠬᠦᠴᠡᠯ ᠢ ᠬᠠᠩᠭᠠᠪᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠤᠤᠯ ᠤᠨ | ᠰᠠᠭᠤᠷᠢᠨ ᠳᠡᠭᠡᠷ᠎ᠡ ᠪᠠᠨ ᠦᠷᠭᠦᠯᠵᠢᠯᠡᠨ ᠤᠷᠤᠭᠰᠢᠯᠠᠵᠤ᠂ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠰᠢᠨ᠎ᠡ ᠶᠢ | ᠡᠭᠦᠳᠭᠦ ᠰᠢᠪᠲᠤᠯᠤᠯᠲᠠ ᠶᠢ ᠲᠠᠰᠤᠷᠠᠯᠳᠠ ᠦᠭᠡᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠮᠵᠢᠯᠲᠠ ᠲᠠᠢ ᠠᠬᠢᠭᠤᠯᠵᠤ ᠥᠷᠭᠡᠳᠬᠡᠪᠡ᠃ ᠪᠢᠳᠡ ᠲᠠᠨᠢᠯᠲᠠ ᠶᠢᠨ ᠲᠠᠯ᠎ᠠ ᠪᠠᠷ ᠲᠠᠰᠤᠷᠠᠯᠲᠠ | ᠦᠭᠡᠢ ᠭᠦᠨᠵᠡᠭᠡᠶᠢᠷᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠡᠭᠦᠳᠴᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ | ᠦᠰᠦᠷᠦᠯᠲᠡ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠨᠳᠦᠰᠦᠨ ᠵᠢᠷᠤᠮᠯᠠᠯ | ᠬᠠᠩᠭᠠᠪᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠬᠤᠨ ᠪᠠ ᠮᠥᠨ ᠴᠢᠨᠠᠷ ᠤᠨ | ᠲᠤᠬᠠᠢ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠶᠡᠭᠡ | ᠵᠠᠷᠴᠢᠮ ᠢ ᠬᠤᠷᠢᠶᠠᠩᠭᠤᠶᠢᠯᠠᠨ ᠪᠦᠷᠢᠯᠳᠦᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠤᠨᠤᠯ ᠤᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠨᠡᠩ ᠲᠣᠳᠣᠷᠬᠠᠢ᠂ ᠨᠡᠩ ᠰᠢᠨᠵᠢᠯᠡᠬᠦ ᠤᠬᠠᠭᠠᠨᠴᠢ᠂ ᠨᠡᠩ ᠢᠯᠡᠭᠦᠦ ᠣᠶᠢᠯᠠᠭᠠᠮᠵᠢᠲᠠᠢ ᠪᠥᠭᠡᠳ ᠪᠣᠯᠣᠮᠵᠢᠲᠠᠢ ᠪᠣᠯᠭᠠᠪᠠ | ᠃ ᠪᠢᠳᠡ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ | ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠵᠡᠷᠭᠡ ᠠᠯᠢ ᠣᠯᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠪᠠᠲᠤ ᠴᠢᠩᠭ᠎ᠠ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ | ᠬᠠᠩᠭᠠᠪᠠ᠃ ᠪᠢᠳᠡ ᠦᠢᠯᠡᠳᠦᠯᠭᠡ ᠶᠢᠨ ᠲᠠᠯ᠎ᠠ ᠪᠠᠷ ᠲᠠᠰᠤᠷᠠᠯᠳᠠ ᠦᠭᠡᠢ ᠪᠠᠶᠠᠯᠢᠭᠵᠢᠭᠤᠯᠵᠤ᠂ ᠠᠯᠢ ᠤᠯᠠᠨ | ᠬᠤᠪᠢᠰᠤᠯᠲᠠ ᠶᠢᠨ ᠴᠢᠨᠠᠷᠲᠠᠢ ᠦᠢᠯᠡᠳᠦᠯᠭᠡ ᠶᠢ ᠠᠬᠢᠭᠤᠯᠵᠤ᠂ ᠠᠯᠢ ᠤᠯᠠᠨ ᠰᠢᠪᠲᠤᠯᠤᠯᠲᠠ ᠶᠢᠨ ᠴᠢᠨᠠᠷᠲᠠᠢ | ᠠᠬᠢᠴᠠ ᠶᠢ ᠪᠡᠶᠡᠯᠡᠭᠦᠯᠵᠦ᠂ ᠠᠯᠢ ᠤᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠵᠤ᠂ ᠨᠠᠮ ᠪᠣᠯᠣᠨ | ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ | ᠭᠠᠷᠬᠤ ᠶᠢ ᠠᠬᠢᠭᠤᠯᠵᠤ᠂ ᠢᠯᠠᠩᠭᠤᠶ᠎ᠠ ᠬᠠᠷᠢᠴᠠᠯᠠᠰᠢᠭᠦᠢ ᠶᠠᠳᠠᠭᠤ ᠬᠦᠴᠢᠷᠳᠡᠯᠲᠡᠢ ᠠᠰᠠᠭᠤᠳᠠᠯ ᠢ ᠠᠷᠢᠯᠭᠠᠵᠤ᠂ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ | ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ | ᠰᠠᠨᠠᠭᠠᠴᠢᠯᠠᠭ᠎ᠠ ᠲᠠᠢ ᠤᠶᠤᠨ ᠰᠠᠨᠠᠭᠠᠨ ᠤ ᠬᠦᠴᠦᠨ ᠴᠢᠳᠠᠯ ᠢ ᠬᠠᠩᠭᠠᠪᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠦᠨᠳᠦᠰᠦᠨ ᠴᠢᠭᠯᠡᠯ᠂ ᠢᠷᠡᠭᠡᠳᠦᠢ ᠶᠢᠨ ᠬᠤᠪᠢ ᠵᠠᠶᠠᠭ᠎ᠠ᠂ ᠡᠴᠦᠰ ᠤᠨ ᠢᠯᠠᠵᠤ ᠢᠯᠠᠭᠳᠠᠬᠤ ᠲᠠᠢ ᠰᠢᠭᠤᠳ | ᠬᠤᠯᠪᠣᠭᠳᠠᠨ᠎ᠠ᠃ ᠨᠠᠮ ᠤᠨ ᠤᠳᠤᠷᠢᠳᠤᠯᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠦᠨᠳᠦᠰᠦᠨ ᠰᠢᠨᠵᠢ ᠴᠢᠨᠠᠷ ᠢ ᠲᠣᠭᠲᠠᠭᠠᠨ᠎ᠠ᠂ ᠭᠠᠭᠴᠠ ᠬᠦ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ | ᠪᠠᠷᠢᠮᠲᠠᠯᠠᠪᠠᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠠᠶ᠋ᠢ ᠭᠡᠭᠡᠨ ᠰᠠᠷᠠᠭᠤᠯ ᠢᠷᠡᠭᠡᠳᠦᠢ ᠲᠠᠢ᠂ | ᠴᠡᠴᠡᠭᠯᠡᠨ ᠬᠥᠭᠵᠢᠵᠦ ᠴᠢᠳᠠᠨ᠎ᠠ︔ ᠡᠰᠡ ᠲᠡᠭᠡᠪᠡᠯ ᠠᠶᠠᠯᠠᠯ ᠤᠨ ᠴᠢᠭᠯᠡᠯ ᠠᠴᠠ ᠰᠠᠯᠵᠤ᠂ ᠰᠦᠭ ᠰᠦᠨᠡᠰᠦ ᠪᠠᠨ | ᠠᠯᠳᠠᠵᠤ᠂ ᠴᠢᠨᠠᠭᠰᠢᠯᠠᠪᠠᠯ ᠨᠤᠷᠠᠭᠠᠬᠤ ᠴᠢᠨᠠᠷᠲᠠᠢ ᠠᠯᠳᠠᠭ᠎ᠠ ᠭᠠᠷᠭᠠᠬᠤ ᠪᠣᠯᠣᠨ᠎ᠠ᠃ ᠨᠠᠮ ᠤᠨ ᠤᠳᠤᠷᠢᠳᠤᠯᠭ᠎ᠠ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠮᠡᠴᠡᠬᠦ ᠬᠠᠷᠠᠯᠲᠠ ᠪᠠᠨ ᠴᠢᠭᠯᠡᠨ ᠯᠠᠪᠳᠠᠭᠤᠨ ᠢᠶᠠᠷ | ᠬᠤᠯᠠ ᠠᠶᠠᠯᠠᠬᠤ ᠶᠢ ᠪᠠᠲᠤᠯᠠᠵᠤ᠂ ᠮᠠᠨ ᠤ ᠨᠠᠮ ᠤᠨ ᠲᠡᠮᠡᠴᠡᠬᠦ ᠬᠠᠷᠠᠯᠲᠠ ᠪᠠᠨ ᠢᠮᠠᠭᠲᠠ ᠬᠤᠪᠢᠷᠠᠰᠢ ᠦᠭᠡᠢ | ᠪᠠᠷᠢᠮᠲᠠᠯᠠᠵᠤ᠂ ᠦᠶ᠎ᠡ ᠦᠶ᠎ᠡ ᠪᠠᠷ ᠪᠤᠤᠬᠢᠶ᠎ᠠ ᠳᠠᠮᠵᠢᠭᠤᠯᠤᠨ ᠠᠬᠢᠭᠤᠯᠵᠤ᠂ ᠳᠡᠯᠡᠬᠡᠢ ᠳ᠋ᠠᠬᠢᠨ ᠤ ᠠᠩᠬᠠᠷᠤᠯ ᠢ | ᠲᠠᠲᠠᠭᠰᠠᠨ᠂ ᠲᠡᠦᠬᠡ ᠶᠢᠨ ᠬᠠᠭᠤᠳᠠᠰᠤ ᠶᠢ ᠭᠡᠶᠢᠭᠦᠯᠦᠭᠰᠡᠨ ᠭᠡᠷᠡᠯ ᠰᠠᠴᠤᠷᠠᠩᠭᠤᠢ ᠠᠮᠵᠢᠯᠲᠠ ᠣᠯᠵᠠᠢ᠃ ᠨᠠᠮ ᠤᠨ | ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠬᠦᠴᠦᠷᠬᠡᠭ | ᠶᠡᠭᠡ ᠬᠥᠳᠡᠯᠭᠡᠭᠦ ᠬᠦᠴᠦᠨ ᠢ ᠬᠥᠭᠵᠢᠭᠡᠵᠦ᠂ ᠮᠠᠨ ᠤ ᠨᠠᠮ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠴᠦ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠲᠠᠰᠤᠷᠠᠯᠲᠠ ᠦᠭᠡᠢ ᠠᠷᠢᠯᠭᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠰᠢᠷᠭᠢᠰᠢ ᠦᠭᠡᠢ ᠬᠥᠳᠡᠯᠭᠡᠭᠦ ᠬᠦᠴᠦᠨ ᠨᠡᠮᠡᠷᠢᠯᠡᠪᠡ᠃ | ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠰᠦᠷ | ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠮᠠᠨ ᠤ ᠨᠠᠮ ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠲᠠᠯᠠᠨ᠂ | ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠦᠭᠦ ᠶᠠᠪᠤᠴᠠ ᠶᠢᠨ | ᠠᠷᠠᠳ ᠤᠨ ᠠᠷᠠᠳᠴᠢᠯᠠᠯ ᠢ ᠬᠥᠭᠵᠢᠭᠦᠯᠦᠨ᠂ ᠪᠦᠭᠦ ᠠᠷᠠᠳ ᠲᠦᠮᠡᠨ ᠤ ᠡᠵᠡᠨ ᠬᠥᠮᠥᠨ ᠤ ᠵᠣᠷᠢᠭ ᠰᠠᠨᠠᠭ᠎ᠠ ᠶᠢ | ᠭᠦᠢᠴᠡᠳ ᠬᠥᠭᠵᠢᠭᠡᠪᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠨᠢᠭᠡ ᠤᠯᠤᠰ ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ᠂ ᠣᠳᠣᠬᠢᠴᠢᠯᠠᠯᠲᠠ ᠶᠢᠨ | ᠡᠩ ᠤᠨ ᠵᠢᠮ᠎ᠡ ᠶᠣᠰᠣ ᠶᠢ ᠵᠢᠷᠤᠮᠯᠠᠬᠤ ᠪᠠᠷ ᠪᠠᠷᠠᠬᠤ ᠦᠭᠡᠢ᠂ ᠨᠡᠩ ᠴᠤ ᠲᠤᠰ ᠤᠯᠤᠰ ᠤᠨ ᠢᠶᠠᠨ ᠪᠣᠳᠠᠲᠤ | ᠪᠠᠶᠢᠳᠠᠯ ᠲᠠᠢ ᠨᠡᠶᠢᠴᠡᠵᠦ᠂ ᠲᠤᠰ ᠤᠯᠤᠰ ᠤᠨ ᠢᠶᠠᠨ ᠣᠨᠴᠠᠯᠢᠭ ᠲᠠᠢ ᠪᠠᠶᠢᠬᠤ ᠬᠡᠷᠡᠭᠲᠡᠢ᠃ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠨᠢ ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ | ᠮᠥᠷᠲᠡᠭᠡᠨ ᠨᠡᠩ ᠴᠤ ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ ᠢᠯᠡ ᠲᠣᠳᠣ ᠣᠨᠴᠠᠯᠢᠭ ᠲᠠᠢ | ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶ᠎ᠡ ᠪᠠᠷ ᠯᠤᠲᠤ ᠶᠡᠭᠡ ᠣᠳᠣᠬᠢᠴᠢᠯᠠᠯᠲᠠ᠂ ᠪᠦᠭᠦ ᠠᠷᠠᠳ | ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ | ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠣᠳᠣᠬᠢᠴᠢᠯᠠᠯᠲᠠ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠪᠤᠯᠬᠤ | ᠲᠠᠪᠤᠨ ᠲᠠᠯ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠭᠡᠳᠡᠭ ᠢ ᠲᠣᠳᠣᠷᠬᠠᠢ ᠬᠤᠷᠢᠶᠠᠩᠭᠤᠶᠢᠯᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨᠵᠢᠯᠡᠬᠦ ᠤᠬᠠᠭᠠᠨᠴᠢ ᠠᠭᠤᠯᠬᠤᠨ ᠢ ᠭᠦᠨᠵᠡᠭᠡᠢ ᠢᠯᠡᠷᠡᠭᠦᠯᠪᠡ᠃ | ᠡᠨᠡ ᠨᠢ ᠤᠨᠤᠯ ᠤᠨ ᠬᠤᠷᠢᠶᠠᠩᠭᠤᠶᠢᠯᠠᠯ ᠪᠤᠯᠬᠤ ᠪᠥᠭᠡᠳ ᠪᠠᠰᠠ ᠦᠢᠯᠡᠳᠦᠯᠭᠡ ᠶᠢᠨ ᠱᠠᠭᠠᠷᠳᠠᠯᠭ᠎ᠠ ᠪᠠᠶᠢᠵᠤ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠠᠷᠠᠭᠤᠯ ᠳᠠᠷᠳᠠᠩ ᠵᠠᠮ ᠢ | ᠵᠢᠭᠠᠵᠤ ᠥᠭᠴᠡᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠢᠯᠠᠩᠭᠤᠶ᠎ᠠ ᠥᠭᠡᠷᠡᠴᠢᠯᠡᠯᠲᠡ | ᠨᠡᠭᠡᠭᠡᠯᠲᠡ ᠬᠢᠭᠰᠡᠨ ᠠᠴᠠ ᠨᠠᠭᠠᠰᠢ᠂ ᠪᠢᠳᠡ ᠬᠡᠳᠦᠨ ᠠᠷᠪᠠᠨ ᠵᠢᠯ ᠤᠨ ᠴᠠᠭ ᠢ ᠬᠡᠷᠡᠭᠰᠡᠨ ᠥᠷᠥᠨᠡᠳᠠᠬᠢᠨ ᠤ | ᠬᠥᠭᠵᠢᠭᠰᠡᠨ ᠤᠯᠤᠰ ᠤᠨ ᠬᠡᠳᠦᠨ ᠵᠠᠭᠤᠨ ᠵᠢᠯ ᠤᠨ ᠶᠠᠪᠤᠵᠤ ᠢᠷᠡᠭᠰᠡᠨ ᠠᠵᠤ ᠦᠢᠯᠡᠳᠪᠦᠷᠢᠵᠢᠯᠲᠡ ᠶᠢᠨ ᠲᠡᠦᠬᠡᠨ | ᠶᠠᠪᠤᠴᠠ ᠶᠢ ᠥᠩᠭᠡᠷᠡᠭᠦᠯᠵᠦ᠂ ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠤᠷᠳᠤ | ᠬᠤᠭᠤᠴᠠᠭᠠᠨ ᠤ ᠲᠣᠭᠲᠠᠭᠤᠨ ᠪᠠᠶᠢᠬᠤ ᠭᠠᠶᠢᠬᠠᠮᠰᠢᠭ ᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠳᠤ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠵᠦ ᠥᠭᠭᠦᠭᠰᠡᠨ ᠪᠠᠶᠢᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠠᠪᠤᠭᠳᠠᠵᠤ ᠳᠡᠶᠢᠯᠦᠨ᠎ᠠ᠂ ᠯᠠᠪᠳᠠᠭᠤᠨ ᠥᠷᠨᠢᠵᠦ ᠳᠡᠶᠢᠯᠦᠨ᠎ᠠ᠂ | ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠤᠷ ᠤᠨ | ᠭᠠᠭᠴᠠ ᠵᠥᠪ ᠵᠠᠮ ᠮᠥᠨ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ ᠭᠡᠵᠦ ᠴᠢᠬᠤᠯᠠᠴᠢᠯᠠᠪᠠ᠃ | | | | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠳᠤ ᠭᠦᠨ ᠦᠨᠳᠦᠰᠦᠯᠡᠵᠦ᠂ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ ᠲᠡᠷᠢᠭᠦᠨ ᠤ | ᠮᠥᠨ ᠴᠢᠨᠠᠷ ᠢ ᠢᠯᠡᠷᠡᠭᠦᠯᠵᠦ᠂ ᠬᠥᠮᠥᠨ ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢᠶᠠᠷ | ᠲᠣᠯᠢ ᠪᠤᠯᠭᠠᠵᠤ ᠰᠢᠩᠭᠡᠬᠡᠨ ᠠᠪᠴᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢᠨ ᠬᠥᠭᠵᠢᠯᠲᠡ ᠶᠢᠨ | ᠴᠢᠭᠯᠡᠯ ᠢ ᠲᠥᠯᠥᠭᠡᠯᠡᠵᠦ᠂ ᠥᠷᠥᠨᠡᠳᠠᠬᠢᠨ ᠤ ᠣᠳᠣᠬᠢᠴᠢᠯᠠᠯᠲᠠ ᠶᠢᠨ ᠵᠠᠭᠪᠤᠷ ᠲᠠᠢ ᠠᠳᠠᠯᠢ ᠪᠤᠰᠤ ᠰᠢᠨ᠎ᠡ ᠵᠢᠷᠤᠭ | ᠲᠥᠰᠥᠪ ᠢ ᠢᠯᠡᠷᠡᠭᠦᠯᠵᠦ᠂ ᠬᠥᠮᠥᠨ ᠲᠥᠷᠥᠯᠬᠢᠲᠡᠨ ᠤ ᠴᠣ ᠰᠢᠨ᠎ᠡ ᠪᠣᠯᠪᠠᠰᠤᠨ ᠤ ᠭᠡᠯᠪᠡᠷᠢ ᠪᠣᠯᠣᠨ᠎ᠠ᠃ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ︽ᠣᠳᠣᠬᠢᠴᠢᠯᠠᠬᠤ = ᠥᠷᠥᠨᠡᠳᠠᠬᠢᠨᠴᠢᠯᠠᠬᠤ︾ ᠭᠡᠰᠡᠨ | ᠲᠥᠭᠡᠷᠢᠭᠳᠡᠯ ᠢ ᠡᠪᠳᠡᠵᠦ᠂ ᠣᠳᠣᠬᠢᠴᠢᠯᠠᠯᠲᠠ ᠶᠢᠨ ᠥᠭᠡᠷ᠎ᠡ ᠨᠢᠭᠡᠨ ᠵᠢᠷᠤᠭ ᠦᠵᠡᠮᠵᠢ ᠶᠢ ᠦᠵᠡᠭᠦᠯᠵᠦ᠂ ᠬᠥᠭᠵᠢᠵᠦ | ᠪᠠᠶᠢᠭ᠎ᠠ ᠤᠯᠤᠰ ᠤᠨ ᠣᠳᠣᠬᠢᠴᠢᠯᠠᠯᠲᠠ ᠵᠦᠭ ᠤᠷᠤᠭᠰᠢᠯᠠᠬᠤ ᠵᠠᠮ ᠤᠨ ᠰᠣᠩᠭᠤᠯᠲᠠ ᠶᠢ ᠥᠷᠭᠡᠳᠬᠡᠵᠦ᠂ ᠬᠥᠮᠥᠨ | ᠲᠥᠷᠥᠯᠬᠢᠲᠡᠨ ᠤ ᠨᠡᠩ ᠰᠠᠶᠢᠨ ᠨᠡᠶᠢᠭᠡᠮ ᠤᠨ ᠪᠠᠶᠢᠭᠤᠯᠤᠯ ᠤᠨ ᠲᠤᠬᠠᠢ ᠰᠦᠪᠡᠭᠴᠢᠯᠡᠯᠲᠡ ᠳᠤ ᠳᠤᠮᠳᠠᠳᠤ ᠤᠯᠤᠰ ᠤᠨ | ᠲᠥᠰᠥᠯ ᠢ ᠬᠠᠩᠭᠠᠭᠰᠠᠨ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠠᠭᠤᠯᠤᠭᠳᠠᠵᠤ | ᠪᠠᠶᠢᠭ᠎ᠠ ᠥᠪᠡᠷᠮᠢᠴᠡ ᠶᠢᠷᠲᠢᠨᠴᠦ ᠶᠢᠨ ᠦᠵᠡᠯᠲᠡ᠂ ᠦᠷᠲᠡᠭ ᠤᠨ ᠦᠵᠡᠯᠲᠡ᠂ ᠲᠡᠦᠬᠡ ᠶᠢᠨ ᠦᠵᠡᠯᠲᠡ᠂ | ᠪᠣᠯᠪᠠᠰᠤᠨ ᠤ ᠦᠵᠡᠯᠲᠡ᠂ ᠠᠷᠠᠳᠴᠢᠯᠠᠯ ᠤᠨ ᠦᠵᠡᠯᠲᠡ᠂ ᠠᠮᠢ ᠠᠬᠤᠢ ᠶᠢᠨ ᠦᠵᠡᠯᠲᠡ ᠵᠡᠷᠭᠡ ᠵᠢᠴᠢ ᠲᠡᠭᠦᠨ ᠤ | ᠠᠭᠤᠤ ᠶᠡᠭᠡ ᠦᠢᠯᠡᠳᠦᠯᠭᠡ ᠪᠣᠯ ᠳᠡᠯᠡᠬᠡᠢ ᠶᠢᠨ ᠣᠳᠣᠬᠢᠴᠢᠯᠠᠯᠲᠠ ᠶᠢᠨ ᠤᠨᠤᠯ ᠪᠠ ᠦᠢᠯᠡᠳᠦᠯᠭᠡ ᠶᠢᠨ ᠴᠢᠬᠤᠯᠠ | ᠶᠡᠭᠡ ᠰᠢᠨ᠎ᠡ ᠡᠭᠦᠳᠦᠯᠲᠡ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠥᠷᠭᠡᠨ ᠣᠯᠠᠨ | ᠬᠥᠭᠵᠢᠵᠦ ᠪᠠᠶᠢᠭ᠎ᠠ ᠤᠯᠤᠰ ᠤᠨ ᠪᠡᠶ᠎ᠡ ᠪᠠᠨ ᠳᠠᠭᠠᠭᠠᠵᠤ ᠡᠵᠡᠨ ᠮᠡᠳᠡᠨ ᠣᠳᠣᠬᠢᠴᠢᠯᠠᠯᠲᠠ ᠲᠡᠶᠢᠰᠢ | ᠤᠷᠤᠭᠰᠢᠯᠠᠬᠤ ᠳᠤ ᠦᠯᠢᠭᠡᠷ ᠳᠠᠭᠤᠷᠢᠶᠠᠯ ᠪᠣᠯᠵᠤ᠂ ᠲᠡᠭᠦᠨ ᠳᠤ ᠴᠣ᠋ ᠰᠢᠨ᠎ᠡ ᠰᠣᠩᠭᠤᠯᠲᠠ ᠬᠠᠩᠭᠠᠵᠠᠢ ᠭᠡᠵᠦ | ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠰᠢᠰᠲ᠋ᠧᠮᠲᠦ | ᠢᠨᠵᠧᠨᠧᠷᠢᠩ ᠮᠥᠨ᠂ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠰᠢᠰᠲ᠋ᠧᠮ ᠲᠠᠢ | ᠲᠥᠯᠥᠪᠵᠢᠭᠦᠯᠦᠨ᠂ ᠪᠦᠬᠦᠯᠢ ᠴᠣᠭᠴᠠ ᠪᠠᠷ ᠠᠬᠢᠭᠤᠯᠵᠤ᠂ ᠦᠵᠦ ᠲᠥᠯᠥᠪᠯᠡᠭᠡ ᠪᠣᠯᠣᠨ ᠦᠢᠯᠡᠳᠦᠯᠭᠡ ᠶᠢᠨ | ᠰᠦᠪᠡᠭᠴᠢᠯᠡᠯ᠂ ᠪᠠᠶᠢᠯᠳᠤᠬᠤ ᠪᠣᠳᠣᠯᠭ᠎ᠠ ᠪᠣᠯᠣᠨ ᠠᠷᠭ᠎ᠠ ᠪᠣᠳᠣᠯᠭ᠎ᠠ᠂ ᠲᠥᠪ ᠶᠣᠰᠣ ᠶᠢ ᠪᠠᠷᠢᠮᠲᠠᠯᠠᠬᠤ ᠪᠣᠯᠣᠨ | ᠰᠢᠨ᠎ᠡ ᠶᠢ ᠡᠭᠦᠳᠭᠦ᠂ ᠦᠷ᠎ᠡ ᠠᠰᠢᠭ ᠪᠣᠯᠣᠨ ᠲᠥᠪ ᠭᠤᠣᠯᠴᠢ᠂ ᠠᠮᠢᠵᠢᠷᠠᠯ ᠤᠨ ᠬᠦᠴᠦᠨ ᠪᠣᠯᠣᠨ ᠡᠮᠬᠢ ᠳᠢᠭᠯᠢᠮ᠂ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯᠣᠨ ᠭᠠᠳᠠᠭᠠᠳᠤ ᠨᠡᠭᠡᠭᠡᠯᠲᠡ ᠵᠡᠷᠭᠡ ᠠᠯᠢ ᠤᠯᠠᠨ ᠴᠢᠬᠤᠯᠠ ᠶᠡᠭᠡ | ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ᠃ ᠦᠵᠦ ᠲᠥᠯᠥᠪᠯᠡᠭᠡ ᠬᠢᠬᠦ ᠳᠤ᠂ ᠳᠡᠯᠡᠬᠡᠢ ᠶᠢᠨ ᠬᠥᠭᠵᠢᠯᠲᠡ ᠶᠢᠨ | ᠶᠡᠭᠡ ᠬᠠᠨᠳᠤᠰᠢ ᠶᠢ ᠭᠦᠨᠵᠡᠭᠡᠢ ᠠᠵᠢᠭᠯᠠᠵᠤ᠂ ᠠᠷᠠᠳ ᠤᠯᠠᠨ ᠤ ᠬᠠᠮᠲᠤ ᠶᠢᠨ ᠬᠦᠰᠡᠯ ᠡᠷᠡᠮᠡᠯᠵᠡᠯ ᠢ ᠣᠨᠣᠪᠴᠢᠲᠠᠢ | ᠡᠵᠡᠮᠳᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠰᠦᠪᠡᠭᠴᠢᠯᠡᠵᠦ᠂ | ᠲᠣᠭᠲᠠᠭᠠᠭᠰᠠᠨ ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢᠨ ᠰᠢᠰᠲ᠋ᠧᠮ ᠨᠢ ᠴᠠᠭ ᠦᠶᠡᠴᠢ ᠴᠢᠨᠠᠷ ᠢ | ᠢᠯᠡᠷᠡᠭᠦᠯᠵᠦ᠂ ᠵᠢᠮ᠎ᠡ ᠶᠣᠰᠣᠴᠢ ᠴᠢᠨᠠᠷ ᠢ ᠡᠵᠡᠮᠳᠡᠵᠦ᠂ ᠪᠦᠲᠦᠭᠡᠯᠴᠢ ᠴᠢᠨᠠᠷ ᠢᠶᠠᠷ ᠪᠠᠶᠠᠯᠢᠭ ᠪᠠᠶᠢᠵᠤ᠂ ᠬᠤᠯᠠ | ᠣᠶᠢᠷ᠎ᠠ ᠶᠢ ᠤᠶᠠᠯᠳᠤᠭᠤᠯᠤᠨ᠂ ᠳᠡᠭᠡᠳᠦ ᠳᠣᠣᠷᠠᠳᠤ ᠱᠠᠲᠤ ᠶᠢ ᠨᠡᠪᠲᠡᠷᠡᠯᠴᠡᠭᠦᠯᠵᠦ᠂ ᠠᠭᠤᠯᠭ᠎ᠠ ᠶᠢ ᠵᠣᠬᠢᠴᠠᠭᠤᠯᠬᠤ | ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠨᠢᠭᠡᠨ | ᠰᠦᠪᠡᠭᠴᠢᠯᠡᠯᠲᠡ ᠶᠢᠨ ᠴᠢᠨᠠᠷᠲᠠᠢ ᠦᠢᠯᠡᠰ ᠮᠥᠨ᠂ ᠪᠠᠰᠠ ᠮᠠᠰᠢ ᠤᠯᠠᠨ ᠦᠯᠦ ᠮᠡᠳᠡᠭᠦ ᠬᠦᠷᠢᠶ᠎ᠡ ᠴᠠᠷᠠᠭ᠎ᠠ ᠪᠤᠢ᠂ | ᠡᠭᠦᠨ ᠢ ᠪᠢᠳᠡ ᠦᠢᠯᠡᠳᠦᠯᠭᠡ ᠶᠢᠨ ᠳᠤᠮᠳᠠ ᠵᠣᠷᠢᠭᠲᠠᠢ ᠪᠠᠷ ᠰᠦᠪᠡᠭᠴᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠭᠦ ᠪᠠᠷ ᠳᠠᠮᠵᠢᠭᠤᠯᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠂ ᠶᠠᠭᠠᠬᠢᠭᠰᠠᠨ ᠴᠤ ᠵᠠᠪᠢ | ᠳᠡᠭᠡᠷ᠎ᠡ ᠲᠡᠮᠳᠡᠭ ᠭᠠᠷᠭᠠᠵᠤ ᠵᠢᠪᠦᠭᠰᠡᠨ ᠰᠡᠯᠡᠮ᠎ᠡ ᠪᠠᠨ ᠡᠷᠢᠵᠦ᠂ ᠥᠨᠳᠥᠷ ᠮᠣᠳᠣᠨ ᠤ ᠳᠣᠣᠷ᠎ᠠ ᠦᠬᠦᠬᠦ ᠲᠠᠤᠯᠠᠢ ᠶᠢ | ᠬᠦᠯᠢᠶᠡᠵᠦ ᠪᠤᠯᠬᠤ ᠦᠭᠡᠢ᠃ ᠪᠠᠶᠢᠯᠳᠤᠬᠤ ᠪᠣᠳᠣᠯᠭ᠎ᠠ ᠶᠢᠨ ᠪᠠᠷᠠᠯᠠᠯᠳᠤ ᠴᠢᠨᠠᠷ ᠢ ᠴᠢᠩᠭᠠᠳᠬᠠᠵᠤ᠂ ᠬᠡᠷᠡᠭ | ᠪᠣᠳᠠᠰ ᠤᠨ ᠬᠥᠭᠵᠢᠯᠲᠡ ᠶᠢᠨ ᠵᠠᠶᠢᠯᠠᠰᠢ ᠦᠭᠡᠢ ᠬᠠᠨᠳᠤᠰᠢ ᠶᠢ ᠣᠨᠣᠪᠴᠢᠲᠠᠢ ᠡᠵᠡᠮᠳᠡᠵᠦ᠂ ᠤᠷᠤᠭᠰᠢᠯᠠᠯᠲᠠ ᠶᠢᠨ | ᠵᠠᠮ ᠳᠡᠭᠡᠷ᠎ᠡ ᠭᠠᠷᠴᠤ ᠮᠡᠳᠡᠭᠦ ᠠᠵᠠ ᠲᠣᠭᠢᠶᠠᠯ ᠪᠠ ᠥᠷᠢᠰᠦᠯᠳᠦᠭᠡᠨ ᠢ ᠬᠤᠷᠴᠠ ᠰᠡᠷᠭᠡᠭ ᠢᠶᠠᠷ ᠠᠵᠢᠵᠤ᠂ ᠰᠢᠨᠵᠢᠯᠡᠬᠦ | ᠤᠬᠠᠭᠠᠨᠴᠢ ᠪᠠᠶᠢᠯᠳᠤᠬᠤ ᠪᠣᠳᠣᠯᠭ᠎ᠠ ᠪᠠᠷ ᠢᠷᠡᠭᠡᠳᠦᠢ ᠶᠢ ᠬᠠᠷᠠᠵᠤ᠂ ᠢᠷᠡᠭᠡᠳᠦᠢ ᠶᠢ ᠬᠥᠲᠥᠯᠥᠨ ᠳᠠᠭᠠᠭᠤᠯᠬᠤ | ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠶᠢᠨ ᠴᠢᠨᠠᠷ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠶᠢ ᠲᠥᠯᠥᠪᠵᠢᠭᠦᠯᠬᠦ᠂ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ᠂ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠬᠢᠬᠦ ᠳᠡᠭᠡᠨ ᠴᠥᠮ ᠨᠠᠮ ᠪᠠ ᠤᠯᠤᠰ ᠤᠨ ᠠᠵᠢᠯ ᠦᠢᠯᠡᠰ ᠤᠨ ᠮᠠᠨᠳᠤᠵᠤ | ᠪᠠᠭᠤᠷᠠᠬᠤ ᠢᠯᠠᠵᠤ ᠢᠯᠠᠭᠳᠠᠬᠤ ᠳᠤ ᠬᠤᠯᠪᠣᠭᠳᠠᠬᠤ᠂ ᠪᠦᠭᠦ ᠲᠠᠯ᠎ᠠ ᠶᠢ ᠨᠥᠯᠥᠭᠡᠯᠡᠬᠦ ᠴᠢᠬᠤᠯᠠ ᠶᠡᠭᠡ ᠠᠰᠠᠭᠤᠳᠠᠯ ᠢ | ᠰᠢᠢᠳᠪᠦᠷᠢᠯᠡᠬᠦ ᠶᠢ ᠪᠣᠳᠣᠯᠬᠢᠯᠠᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠲᠣᠭᠲᠠᠪᠤᠷᠢᠲᠤ ᠴᠢᠨᠠᠷ ᠢ | ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠪᠦᠷᠢᠯᠳᠦᠮᠡᠭᠴᠡ ᠳᠠᠷᠤᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ | ᠡᠴᠦᠰ ᠲᠤᠨᠢ ᠲᠤᠯᠲᠠᠯ᠎ᠠ ᠠᠳᠬᠤᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠦᠷ᠎ᠡ ᠪᠦᠳᠦᠮᠵᠢ ᠭᠠᠷᠭᠠᠵᠤ᠂ | ᠳᠤᠷ᠎ᠠ ᠪᠠᠷ ᠢᠶᠠᠨ ᠬᠤᠪᠢᠷᠠᠭᠤᠯᠵᠤ ᠪᠤᠯᠬᠤ ᠦᠭᠡᠢ᠃ ᠪᠠᠶᠢᠯᠳᠤᠬᠤ ᠪᠣᠳᠣᠯᠭ᠎ᠠ ᠶᠢᠨ ᠵᠠᠷᠴᠢᠮᠲᠤ ᠴᠢᠨᠠᠷ ᠪᠠ ᠠᠷᠭ᠎ᠠ | ᠪᠣᠳᠣᠯᠭ᠎ᠠ ᠶᠢᠨ ᠠᠮᠢᠳᠤᠯᠢᠭ ᠴᠢᠨᠠᠷ ᠢ ᠣᠷᠭᠠᠨᠢᠭ ᠢᠶᠠᠷ ᠤᠶᠠᠯᠳᠤᠭᠤᠯᠵᠤ᠂ ᠠᠮᠢᠳᠤᠯᠢᠭ ᠪᠥᠭᠡᠳ ᠬᠥᠳᠡᠯᠦᠩᠭᠦᠢ ᠪᠠᠷ᠂ | ᠲᠣᠭᠢᠶᠠᠯ ᠢ ᠦᠵᠡᠨ ᠬᠤᠪᠢᠷᠠᠭᠤᠯᠵᠤ᠂ ᠴᠠᠭ ᠲᠤᠬᠠᠢ ᠳᠤᠨᠢ ᠡᠷᠡᠰ ᠰᠢᠭᠤᠷᠬᠠᠢ ᠪᠠᠷ᠂ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ᠂ ᠪᠠᠶᠢᠳᠠᠯ ᠢ ᠨᠢ ᠦᠵᠡᠨ ᠬᠢᠵᠦ᠂ ᠪᠠᠶᠢᠳᠠᠯ ᠳᠤᠨᠢ ᠲᠣᠬᠢᠷᠠᠭᠤᠯᠤᠨ ᠠᠵᠢᠯᠯᠠᠬᠤ | ᠳᠤᠮᠳᠠ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠬᠡᠷᠡᠭᠲᠡᠢ᠃ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠪᠠ ᠢᠷᠡᠯᠲᠡ᠂ ᠦᠨᠳᠦᠰᠦ ᠪᠠ ᠰᠦᠭ ᠰᠦᠨᠡᠰᠦ ᠶᠢ ᠰᠠᠶᠢᠲᠤᠷ | ᠰᠠᠬᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ | ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠥᠪ ᠴᠢᠭᠯᠡᠯ ᠢ ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠶᠢ | ᠡᠭᠦᠳᠭᠦ ᠶᠢ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠴᠠᠭ | ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠴᠢᠬᠤᠯᠠ ᠶᠡᠭᠡ ᠤᠨᠤᠯ ᠤᠨ ᠪᠠ | ᠦᠢᠯᠡᠳᠦᠯᠭᠡ ᠶᠢᠨ ᠠᠰᠠᠭᠤᠳᠠᠯ ᠢ ᠰᠢᠢᠳᠪᠦᠷᠢᠯᠡᠬᠦ ᠶᠢ ᠪᠣᠳᠣᠯᠬᠢᠯᠠᠵᠤ᠂ ᠢᠳᠡᠪᠬᠢᠲᠡᠢ ᠪᠠᠷ ᠬᠤᠪᠢᠷᠠᠯᠲᠠ ᠶᠢ ᠲᠠᠨᠢᠨ | ᠬᠤᠪᠢᠷᠠᠯᠲᠠ ᠶᠢ ᠠᠷᠭᠠᠴᠠᠭᠠᠵᠤ ᠬᠤᠪᠢᠷᠠᠯᠲᠠ ᠶᠢ ᠡᠷᠢᠯᠬᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠶᠢ | ᠶᠡᠭᠡ ᠪᠠᠷ ᠠᠬᠢᠭᠤᠯᠤᠨ᠂ ᠬᠥᠭᠵᠢᠯᠲᠡ ᠶᠢᠨ ᠰᠢᠨ᠎ᠡ ᠬᠥᠳᠡᠯᠭᠡᠭᠦ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ | ᠪᠤᠢ ᠪᠤᠯᠭᠠᠵᠤ᠂ ᠪᠦᠭᠦ ᠨᠡᠶᠢᠭᠡᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ | ᠬᠡᠷᠡᠭᠲᠡᠢ᠃ ᠬᠥᠷᠥᠩᠭᠡᠲᠦ ᠶᠣᠰᠣᠨ ᠠᠴᠠ ᠨᠡᠩ ᠥᠨᠳᠥᠷ ᠦᠷ᠎ᠡ ᠪᠦᠲᠦᠮᠵᠢ ᠶᠢ ᠡᠭᠦᠳᠭᠦ ᠮᠥᠷᠲᠡᠭᠡᠨ ᠪᠠᠰᠠ | ᠨᠡᠶᠢᠭᠡᠮ ᠤᠨ ᠲᠥᠪ ᠭᠤᠣᠯᠴᠢ ᠶᠢ ᠨᠡᠩ ᠪᠦᠲᠦᠮᠵᠢᠲᠡᠢ ᠬᠠᠮᠠᠭᠠᠯᠠᠵᠤ᠂ ᠦᠷ᠎ᠡ ᠪᠦᠲᠦᠮᠵᠢ ᠪᠣᠯᠣᠨ ᠲᠥᠪ | ᠭᠤᠣᠯᠴᠢ ᠶᠢᠨ ᠬᠠᠷᠢᠯᠴᠠᠨ ᠬᠠᠷᠠᠭᠠᠯᠵᠠᠬᠤ᠂ ᠬᠠᠷᠢᠯᠴᠠᠨ ᠠᠬᠢᠭᠤᠯᠬᠤ᠂ ᠬᠠᠷᠢᠯᠴᠠᠨ ᠨᠢᠭᠡᠳᠭᠦ ᠶᠢ ᠨᠡᠩ ᠰᠠᠶᠢᠲᠤᠷ | ᠪᠡᠶᠡᠯᠡᠭᠦᠯᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ ᠤᠯᠤᠰ ᠤᠨ | ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ | ᠪᠦᠷᠢᠨᠰᠢᠭᠦᠯᠦᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠪᠠᠨ ᠴᠢᠩᠭᠠᠳᠬᠠᠵᠤ᠂ ᠤᠯᠤᠰ ᠤᠨ | ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ | ᠭᠡᠯᠪᠡᠷᠢ ᠶᠢᠨ ᠠᠮᠤᠷ ᠲᠦᠪᠰᠢᠨ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠢ ᠡᠷᠡᠰ ᠬᠠᠮᠠᠭᠠᠯᠠᠬᠤ | ᠬᠡᠷᠡᠭᠲᠡᠢ᠃ ᠪᠡᠶ᠎ᠡ ᠪᠠᠨ ᠳᠠᠭᠠᠭᠠᠵᠤ ᠡᠵᠡᠨ ᠮᠡᠳᠡᠭᠦ᠂ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ | ᠪᠠᠷᠢᠮᠲᠠᠯᠠᠵᠤ᠂ ᠤᠯᠤᠰ ᠭᠡᠷ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ ᠦᠨᠳᠦᠰᠦᠨ ᠴᠡᠭ | ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠮᠠᠨ ᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ | ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ ᠪᠠᠷᠢᠮᠲᠠᠯᠠᠬᠤ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠲᠠᠰᠤᠷᠠᠯᠳᠠ ᠦᠭᠡᠢ ᠥᠷᠭᠡᠳᠬᠡᠵᠦ᠂ ᠪᠦᠭᠦ ᠪᠥᠮᠪᠥᠷᠴᠡᠭ ᠤᠨ ᠠᠵᠤ ᠦᠢᠯᠡᠰ ᠤᠨ ᠠᠵᠢᠯ ᠤᠨ | ᠬᠤᠪᠢᠶᠠᠷᠢᠯᠠᠯ ᠪᠣᠯᠣᠨ ᠬᠠᠮᠲᠤᠷᠠᠯᠴᠠᠭ᠎ᠠ ᠳᠤ ᠭᠦᠨᠵᠡᠭᠡᠢ ᠣᠷᠣᠯᠴᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠤᠷᠢᠳ ᠡᠮᠦᠨ᠎ᠡ | ᠪᠠᠶᠢᠭ᠎ᠠ ᠦᠭᠡᠢ ᠡᠭᠦᠳᠦᠯᠲᠡ ᠶᠢᠨ ᠴᠢᠨᠠᠷᠲᠠᠢ ᠦᠢᠯᠡᠰ ᠮᠥᠨ᠂ ᠡᠯ᠎ᠡ ᠵᠦᠢᠯ ᠤᠨ ᠲᠥᠰᠥᠭᠡᠯᠡᠵᠦ ᠪᠤᠯᠬᠤ ᠪᠠ | ᠲᠥᠰᠥᠭᠡᠯᠡᠬᠦᠶ᠎ᠡ ᠪᠡᠷᠬᠡ ᠠᠶᠤᠯ ᠲᠦᠭᠰᠢᠭᠦᠷᠢ ᠥᠷᠢᠰᠦᠯᠳᠦᠭᠡᠨ᠂ ᠬᠦᠴᠢᠷ ᠪᠡᠷᠬᠡᠰᠢᠶᠡᠯ ᠬᠠᠷᠰᠢ ᠰᠠᠭᠠᠳ | ᠴᠢᠨᠠᠭᠰᠢᠯᠠᠪᠠᠯ ᠲᠤᠬᠰᠢᠨ ᠳᠠᠪᠠᠯᠭᠠᠨ ᠰᠢᠷᠦᠭᠦᠨ ᠰᠠᠯᠬᠢᠨ ᠳᠤ ᠤᠴᠠᠷᠠᠬᠤ ᠨᠢ ᠵᠠᠶᠢᠯᠠᠰᠢ ᠦᠭᠡᠢ ᠶᠤᠮ᠂ ᠡᠷᠬᠡᠪᠰᠢ | ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠮᠤᠷ | ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠤᠷᠢᠳᠴᠢᠯᠠᠨ ᠪᠡᠯᠡᠳᠬᠡᠯ ᠬᠢᠵᠦ᠂ | ᠵᠣᠷᠢᠭᠲᠠᠢ ᠲᠡᠮᠡᠴᠡᠵᠦ᠂ ᠴᠢᠳᠠᠮᠠᠭᠠᠢ ᠲᠡᠮᠡᠴᠡᠵᠦ᠂ ᠰᠢᠷᠭᠠᠭᠤ ᠲᠡᠮᠡᠴᠡᠯ ᠢᠶᠠᠷ ᠳᠠᠮᠵᠢᠨ ᠠᠵᠢᠯ ᠦᠢᠯᠡᠰ ᠤᠨ | ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠰᠣᠨᠣᠷ ᠰᠡᠷᠡᠮᠵᠢ ᠶᠢ | ᠪᠠᠲᠤᠯᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠤ ᠲᠤᠬᠠᠢ ᠳᠣᠲᠣᠷ᠎ᠠ ᠪᠠᠨ ᠲᠤᠭ᠎ᠠ ᠲᠠᠢ | ᠪᠠᠶᠢᠬᠤ ᠭᠡᠷᠡᠭᠲᠡᠢ︔ ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠯᠠᠵᠤ᠂ ᠲᠡᠮᠡᠴᠡᠯ ᠤᠨ ᠢᠳᠡ ᠬᠦᠴᠦᠨ ᠢᠶᠠᠨ | ᠨᠡᠮᠡᠭᠳᠡᠭᠦᠯᠬᠦ ᠭᠡᠷᠡᠭᠲᠡᠶ︔ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠴᠢᠨᠠᠷ ᠢᠶᠠᠨ ᠪᠠᠲᠤᠯᠠᠵᠤ᠂ ᠲᠡᠮᠡᠴᠡᠯ ᠤᠨ | ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ ᠴᠢᠳᠠᠪᠤᠷᠢ ᠪᠠᠨ ᠳᠡᠭᠡᠭᠰᠢᠯᠡᠭᠦᠯᠭᠦ ᠶᠢ ᠴᠢᠩᠭᠠᠳᠬᠠᠵᠤ᠂ ᠤᠳᠤᠷᠢᠳᠬᠤ | ᠺᠠᠳ᠋ᠷᠴᠤᠳ ᠢᠯᠠᠩᠭᠤᠶ᠎ᠠ ᠵᠠᠯᠠᠭᠤ ᠺᠠᠳ᠋ᠷᠴᠤᠳ ᠲᠤ ᠲᠥᠪ ᠴᠢᠩᠭ᠎ᠠ ᠦᠵᠡᠯ ᠰᠠᠨᠠᠭᠠᠨ ᠤ ᠪᠣᠯᠪᠠᠰᠤᠷᠠᠯ᠂ ᠤᠯᠤᠰ | ᠲᠦᠷᠦ ᠶᠢᠨ ᠪᠣᠯᠪᠠᠰᠤᠷᠠᠯ᠂ ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠬᠦᠷᠲᠡᠭᠡᠵᠦ᠂ | ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠲᠡᠮᠡᠴᠡᠯ ᠤᠨ ᠳᠤᠮᠳᠠ ᠰᠠᠯᠬᠢ ᠪᠣᠷᠣᠭᠠᠨ ᠢ ᠥᠩᠭᠡᠷᠡᠭᠦᠯᠵᠦ᠂ ᠶᠠᠭᠤᠮ᠎ᠠ | ᠦᠵᠡᠵᠦ ᠨᠢᠳᠦ ᠨᠡᠭᠡᠭᠡᠵᠦ᠂ ᠰᠢᠨᠳᠠᠰᠤ ᠰᠢᠷᠪᠦᠰᠦ ᠪᠠᠨ ᠴᠢᠩᠭᠠᠯᠠᠵᠤ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠭᠦ | ᠬᠡᠷᠡᠭᠲᠡᠢ᠃ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠲᠡᠮᠡᠴᠡᠯ ᠤᠨ ᠳᠤᠮᠳᠠ ᠺᠠᠳ᠋ᠷ ᠢ ᠰᠢᠯᠭᠠᠨ ᠪᠠᠶᠢᠴᠠᠭᠠᠵᠤ | ᠢᠯᠭᠠᠨ ᠲᠠᠨᠢᠬᠤ ᠶᠢ ᠴᠢᠬᠤᠯᠠᠴᠢᠯᠠᠵᠤ᠂ ᠵᠣᠷᠢᠭᠲᠠᠢ ᠪᠥᠭᠡᠳ ᠴᠢᠳᠠᠮᠠᠭᠠᠢ ᠪᠠᠷ ᠲᠡᠮᠡᠴᠡᠳᠡᠭ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠳᠠᠭ᠂ ᠵᠣᠷᠢᠭᠲᠠᠢ ᠠᠳᠬᠤᠨ ᠴᠢᠳᠠᠮᠠᠭᠠᠢ ᠬᠠᠮᠢᠶᠠᠷᠴᠤ | ᠬᠥᠮᠥᠨ ᠲᠠᠢ ᠮᠠᠭᠤᠳᠠᠯᠴᠠᠬᠤ ᠠᠴᠠ ᠠᠶᠤᠬᠤ ᠦᠭᠡᠢ ᠪᠠᠶᠢᠳᠠᠭ ᠺᠠᠳ᠋ᠷ ᠲᠤ ᠥᠮᠥᠭ ᠲᠦᠰᠢᠭ ᠪᠣᠯᠵᠤ | ᠵᠣᠷᠢᠭᠵᠢᠭᠤᠯᠤᠨ᠂ ᠪᠣᠯᠣᠨ᠎ᠠ ᠭᠡᠵᠦ ᠪᠤᠳᠤᠬᠰᠠᠨ ᠬᠥᠮᠥᠨ ᠢᠶᠠᠨ ᠵᠣᠷᠢᠭᠲᠠᠢ ᠪᠠᠷ ᠬᠡᠷᠡᠭᠯᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ ᠰᠢ ᠶᠢᠨ ᠫᠢᠩ ᠬᠠᠮᠤᠭ ᠤᠨ ᠡᠴᠦᠰ ᠲᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠡᠷᠬᠡᠪᠰᠢ ᠡᠭᠢᠯᠡᠯᠲᠡ ᠶᠢᠨ ᠵᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠠᠩ ᠰᠠᠶᠢᠲᠤᠷ | ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠠᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠨᠠᠩ ᠰᠠᠶᠢᠲᠤᠷ ᠭᠦᠨᠵᠡᠭᠡᠶᠢᠷᠡᠭᠦᠯᠵᠦ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢ ᠴᠢᠨᠠᠭᠰᠢᠳᠠ ᠬᠥᠲᠥᠯᠥᠨ | ᠵᠢᠯᠤᠭᠤᠳᠴᠤ ᠢᠲᠡᠭᠡᠯ ᠵᠣᠷᠢᠭ ᠢ ᠨᠢ ᠬᠥᠪᠴᠢᠯᠡᠵᠦ᠂ ᠨᠡᠶᠢᠭᠡᠮ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ | ᠠᠬᠤᠢ ᠶᠢᠨ ᠡᠷᠭᠢᠯᠲᠡ ᠶᠢᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | | | | ᠯᠢ ᠴᠢᠶᠠᠩ ᠰᠤᠷᠤᠯᠭ᠎ᠠ ᠡᠭᠢᠯᠡᠭᠦ ᠶᠣᠰᠣᠯᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠯᠢ ᠣᠯᠠᠨ ᠴᠢᠬᠤᠯᠠ ᠶᠡᠭᠡ | ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠢ ᠶᠡᠭᠡ ᠪᠠᠷ ᠪᠠᠶᠠᠯᠢᠭᠵᠢᠭᠤᠯᠤᠨ ᠬᠥᠭᠵᠢᠭᠦᠯᠵᠦ᠂ ᠮᠠᠰᠢ ᠴᠢᠩᠭ᠎ᠠ ᠤᠯᠤᠰ | ᠲᠥᠷᠥᠴᠢ ᠴᠢᠨᠠᠷ᠂ ᠤᠨᠤᠯ ᠤᠨ ᠴᠢᠨᠠᠷ᠂ ᠬᠠᠨᠳᠤᠯᠭᠠᠲᠤ ᠴᠢᠨᠠᠷ᠂ ᠵᠢᠯᠤᠭᠤᠳᠬᠤ ᠴᠢᠨᠠᠷ ᠲᠠᠢ᠂ ᠪᠦᠭᠦ ᠨᠠᠮ ᠢᠶᠠᠷ ᠢᠶᠠᠨ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠵᠥᠪ ᠢᠶᠠᠷ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠬᠤ᠂ ᠪᠦᠭᠦ ᠲᠠᠯ᠎ᠠ ᠪᠠᠷ ᠡᠵᠡᠮᠰᠢᠬᠦ᠂ ᠪᠦᠭᠦ ᠲᠠᠯ᠎ᠠ ᠪᠠᠷ | ᠨᠠᠶᠢᠳᠠᠪᠤᠷᠢᠵᠢᠭᠤᠯᠬᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠬᠦ ᠴᠢᠨᠠᠷᠲᠠᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠬᠤ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠬᠦ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ | ᠰᠢᠨ᠎ᠡ ᠠᠶᠠᠨ ᠳᠤ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ | ᠡᠭᠦᠳᠭᠦ ᠳᠤ ᠴᠥᠮ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠲᠠᠢ ᠨᠢᠭᠡᠳᠬᠡᠵᠦ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠡᠯ᠎ᠡ | ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠡᠰᠢᠭᠦᠨ ᠪᠤᠯᠬᠤ ᠨᠠᠮ ᠪᠣᠯᠣᠨ | ᠲᠦᠷᠦ ᠶᠢᠨ ᠪᠤᠰᠤᠳ ᠤᠳᠤᠷᠢᠳᠬᠤ ᠨᠥᠬᠦᠳ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ | ᠰᠤᠷᠤᠯᠭ᠎ᠠ ᠡᠭᠢᠯᠡᠭᠦ ᠶᠣᠰᠣᠯᠠᠯ ᠳᠤ ᠣᠷᠣᠯᠴᠠᠵᠠᠢ᠃ | ᠨᠠᠮ ᠤᠨ ᠲᠥᠪ ᠬᠤᠷᠢᠶ᠎ᠠ ᠳᠤ ᠰᠢᠨ᠎ᠡ ᠪᠠᠷ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ᠂ ᠡᠯ᠎ᠡ ᠮᠤᠵᠢ | ᠣᠷᠣᠨ ᠬᠤᠳᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠠᠷᠠᠳ ᠤᠨ ᠪᠦᠯᠭᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠢᠯᠦᠭᠡᠯᠡᠬᠦ ᠴᠡᠷᠢᠭ ᠤᠨ ᠡᠯ᠎ᠡ ᠨᠢᠭᠡᠴᠢ ᠪᠣᠯᠣᠨ | ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠬᠤ | ᠠᠩᠭᠢ ᠳᠤ ᠣᠷᠣᠯᠴᠠᠪᠠ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ | ᠰᠤᠷᠤᠯᠭ᠎ᠠ ᠡᠭᠢᠯᠡᠭᠦ ᠶᠣᠰᠣᠯᠠᠯ ᠳᠤ ᠰᠤᠯᠠ ᠣᠷᠣᠯᠴᠠᠵᠠᠢ᠃ | |